ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/2
  2 ᠰᠠᠷ᠎ᠠ ᠶᠢᠨ 28 ᠤ ᠡᠳᠦᠷ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ  ᠬᠡᠯᠲᠡᠰ ᠤᠨ ᠳᠠᠷᠤᠭ᠎ᠠ ᠶᠢᠨ ᠬᠤᠷᠠᠯ  ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2022 ᠣᠨ ᠤ ᠠᠵᠢᠯ ᠢ ᠳ᠋ᠦᠩᠨᠡᠵᠦ᠂ 2023 ᠣᠨ ᠤ ᠡᠭᠦᠷᠭᠡ ᠶᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠭᠦᠸᠧ ᠬᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ  ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠠᠯᠭᠤᠯᠵᠦ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠰᠢᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢᠨ ᠲᠣᠭᠤᠷᠢᠨ ᠳᠤ ᠬᠦᠴᠦᠷᠬᠡᠭ ᠶᠡᠭᠡ ᠡᠷᠳᠡᠨᠢ ᠶᠢᠨ ᠦᠢᠯᠡᠳᠦᠯ ᠢ ᠪᠠᠳᠠᠷᠠᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠳᠤᠮᠳᠠ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠢᠩᠭᠠᠨ ᠠᠶᠢᠮᠠᠭ ᠤᠨ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠬᠥᠮᠦᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠪᠡ  ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号