3 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠩᠭᠠᠨ ᠠᠶᠢᠮᠠᠭ ᠤᠨ ︽ᠠᠵᠤ ᠠᠬᠤᠶᠢᠯᠠᠯᠲᠠᠨ ᠤ | ᠦᠢᠯᠡᠴᠢᠯᠡᠭᠡᠨ ᠤ ᠡᠳᠦᠷ︾ ᠤᠨ ᠠᠵᠢᠯᠯᠠᠭ᠎ᠠ ᠶᠢᠨ ︽ᠴᠢᠳᠠᠪᠤᠷᠢᠲᠠᠨ ᠢᠶᠠᠷ ᠲᠤᠯᠭᠠᠭᠤᠷᠢᠯᠠᠭᠤᠯᠬᠤ︾ ᠭᠤᠤᠯ | ᠰᠡᠳᠦᠪᠲᠦ ᠦᠢᠯᠡᠴᠢᠯᠡᠭᠡᠨ ᠤ ᠶᠠᠷᠢᠯᠴᠠᠬᠤ ᠬᠤᠷᠠᠯ ᠵᠢᠴᠢ ︽ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ︾ | ᠲᠣᠭᠲᠠᠴᠠ ᠶᠢᠨ ᠡᠬᠢᠯᠡᠯᠲᠡ ᠶᠢᠨ ᠶᠣᠰᠣᠯᠠᠯ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠯᠣᠭᠤᠳᠣᠭᠴᠢ ᠪᠠᠭᠰᠢ ᠳᠤ | ᠤᠷᠢᠯᠭ᠎ᠠ ᠶᠢᠨ ᠪᠢᠴᠢᠭ ᠣᠯᠭᠤᠵᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠵᠤ᠂ ︽ᠤᠶᠤᠲᠠᠳ ᠤᠨ ᠠᠵᠢᠯ ᠣᠯᠵᠤ ᠦᠢᠯᠡᠰ ᠴᠣᠭᠴᠠᠯᠠᠬᠤ ᠳᠤ ᠬᠦᠴᠦᠨ ᠨᠡᠮᠡᠷᠢᠯᠡᠬᠦ ᠭᠠᠶᠢᠯᠢ | ᠰᠦᠢᠳᠭᠡᠯ ᠤᠨ ᠦᠢᠡᠯᠴᠢᠯᠡᠭᠡᠨ ᠤ ᠥᠷᠲᠡᠭᠡ︾ ᠶᠢᠨ ᠫᠠᠶᠢᠰᠠ ᠶᠢ ᠰᠡᠬᠦᠵᠦ᠂ ︽ᠬᠢᠩᠭᠠᠨ ᠠᠶᠢᠮᠠᠭ ᠤᠨ | ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠠᠵᠢᠯ ᠤᠨ ᠲᠥᠰᠦᠯ︾ ᠢ ᠵᠠᠷᠯᠠᠨ ᠨᠡᠶᠢᠲᠡᠯᠡᠵᠦ ᠨᠡᠶᠢᠲᠡᠯᠡᠪᠡ | ᠃ ᠳᠠᠷᠠᠭ᠎ᠠ ᠳᠤᠨᠢ᠂ ᠠᠵᠤ ᠠᠬᠤᠶᠢᠯᠠᠯ ᠤᠨ ᠲᠥᠯᠥᠭᠡᠯᠡᠭᠴᠢ᠂ ᠦᠢᠯᠡᠰ ᠪᠤᠰᠬᠠᠵᠤ ᠰᠢᠨ᠎ᠡ ᠶᠢ ᠡᠭᠦᠳᠬᠦ | ᠵᠢᠯᠤᠭᠤᠳᠤᠭᠴᠢ ᠪᠠᠭᠰᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ | ᠰᠣᠯᠢᠯᠴᠠᠵᠤ ᠶᠠᠷᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠨᠤᠭᠤᠳ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ᠂ ᠵᠣᠷᠢᠭᠲᠠᠶ ᠪᠠᠷ ᠰᠢᠨ᠎ᠡ ᠶᠢ | ᠡᠭᠦᠳᠴᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠢᠳᠡᠪᠬᠢᠲᠡᠶ | ᠣᠷᠣᠯᠴᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ ᠪᠠᠶᠢᠭᠠᠳ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠶ᠃ ᠠᠵᠤ ᠠᠬᠤᠶᠢᠯᠠᠯ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠳᠤ | ᠬᠦᠴᠦ ᠨᠡᠮᠡᠷᠢᠯᠡᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠷᠭ᠎ᠠ ᠪᠦᠬᠦᠨ ᠢ | ᠰᠦᠪᠡᠭᠴᠢᠯᠡᠨ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠤᠷ᠎ᠠ ᠮᠡᠷᠭᠡᠰᠢᠯᠳᠦ | ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠪᠦᠷᠢᠨᠰᠢᠬᠦᠯᠵᠦ᠂ ᠬᠥᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ | ᠬᠥᠮᠦᠵᠢᠭᠦᠯᠬᠦ ᠡᠬᠢ ᠪᠠᠶᠠᠯᠢᠭ ᠪᠠ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠤᠯᠠᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ ᠭᠡᠪᠡ᠃ |