ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠩᠭᠠᠨ ᠠᠶᠢᠮᠠᠭ ᠤᠨ ᠠᠵᠢᠯ ᠤᠨ ᠵᠥᠪᠯᠡᠯ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/20
   3 ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ  ᠵᠦᠸᠧ ᠬᠤᠷᠠᠯ ᠡᠷᠭᠢᠯᠡᠵᠦ᠂ ᠳᠡᠳ᠋ ᠡᠷᠬᠢᠯᠡᠭᠴᠢ ᠲᠦᠩ ᠪᠦᠷᠢᠨ᠂ ᠪᠦᠦ ᠰᠢᠨ ᠮᠢᠨ᠂ ᠯᠢ ᠰᠢᠶᠤᠤ ᠭᠤᠸᠠᠩ᠂ ᠭᠦᠸᠧ ᠲᠠᠩ᠂ ᠯᠢᠦ ᠵᠥᠩ ᠬᠤᠷᠠᠯ ᠳᠤ ᠣᠷᠣᠯᠴᠠᠵᠠᠶ    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ  ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠠᠶᠢᠮᠠᠭ ᠤᠨ ᠵᠠᠬᠢᠷᠭ᠎ᠠ ᠶᠢᠨ ︽ᠪᠥᠬᠦ ᠠᠶᠢᠮᠠᠭ ᠤᠨ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠠ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠲᠤᠬᠠᠶ ᠮᠡᠳᠡᠭᠦᠯᠦᠯᠲᠡ︾ ︽ᠪᠥᠬᠦ ᠠᠶᠢᠮᠠᠭ ᠵᠢᠴᠢ ᠠᠶᠢᠮᠠᠭ ᠤᠨ ᠲᠣᠰ ᠱᠠᠲᠤᠨ ᠤ 2022 ᠣᠨ ᠤ ᠡᠳ᠋ ᠤᠨ ᠵᠠᠰᠠᠭ ᠤᠨ ᠲᠥᠰᠦᠪ ᠢ  ᠭᠦᠢᠴᠡᠳᠭᠡᠭᠰᠡᠨ ᠪᠠᠶᠢᠳᠠᠯ ᠪᠠ 2023 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ︾ ᠵᠡᠷᠭᠡ 3 ᠮᠡᠳᠡᠭᠦᠯᠦᠯᠲᠡ ᠶᠢ ᠰᠣᠨᠣᠰᠴᠤ ᠬᠢᠨᠠᠨ ᠪᠠᠶᠢᠴᠠᠭᠠᠪᠠ᠃ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ︽2022 ᠣᠨ ᠤ ᠠᠵᠢᠯ ᠢ ᠪᠡᠶᠡᠯᠡᠭᠦᠯᠦᠭᠰᠡᠨ ᠪᠠᠶᠢᠳᠠᠯ ᠪᠠ 2023 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠤᠨ ᠬᠢᠨᠠᠨ ᠶᠠᠷᠢᠯᠴᠠᠵᠤ᠂   ᠪᠤᠬ᠎ᠠ ᠶᠢᠨ ᠵᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ︽2022 ᠣᠨ ᠤ ᠠᠵᠢᠯ ᠢ ᠪᠡᠶᠡᠯᠡᠭᠦᠯᠦᠭᠰᠡᠨ ᠪᠠᠶᠢᠳᠠᠯ ᠪᠠ 2023 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠪᠢᠴᠢᠭ ᠢᠶᠠᠷ ᠬᠢᠨᠠᠨ ᠵᠥᠪᠯᠡᠪᠡ᠃ ᠭᠡᠰᠢᠭᠦᠳ ᠡᠯ᠎ᠡ ᠵᠦᠢᠯ ᠤᠨ ᠮᠡᠳᠡᠭᠦᠯᠦᠯᠲᠡ ᠶᠢᠨ ᠲᠣᠭᠤᠷᠢᠨ ᠳᠤ ᠴᠢᠨᠠᠷ ᠰᠠᠶᠢᠲᠠᠢ ᠰᠠᠨᠠᠯ᠂ ᠰᠠᠨᠠᠭᠤᠯᠭ᠎ᠠ ᠳᠤᠷᠠᠳᠴᠠᠢ ᠃ ᠬᠤᠷᠠᠯ ᠠᠴᠠ ᠳᠡᠭᠡᠷ᠎ᠡ ᠳᠤᠷᠠᠳᠤᠭᠰᠠᠨ 6 ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃    ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠᠩ ᠲᠢᠶᠠᠨ  ᠬᠤ᠋᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠴᠧᠨ ᠰᠢᠨ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠬᠤᠩ ᠰᠢᠶᠠ ᠪᠣᠯᠤᠨ ᠬᠡᠰᠡᠭ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号