ᠮᠠᠨ ᠤ ᠠᠶᠢᠮᠠᠭ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠠᠵᠢᠯ ᠤᠨ ᠲᠤᠬᠠᠶ ᠶᠢᠨ ᠲᠠᠯᠠᠪᠠᠶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/20
    3 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠠᠶᠢᠮᠠᠭ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ  ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠠᠵᠢᠯ ᠤᠨ ᠠᠬᠤᠶ ᠲᠠᠯᠠᠪᠠᠶ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠᠩ ᠲᠢᠶᠠᠨ  ᠬᠤ᠋ ᠲᠤᠬᠠᠶ ᠶᠢᠨ ᠲᠠᠯᠠᠪᠤᠷ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ ᠳᠤ ᠭᠦᠨᠵᠡᠭᠡᠶᠢᠷᠡᠵᠦ᠂ ᠬᠠᠳᠠᠭᠠᠯᠠᠮᠵᠢ ᠶᠢᠨ ᠠᠮᠤ ᠪᠤᠳᠠᠭ᠎ᠠ ᠶᠢ ᠬᠥᠮᠥᠷᠭᠡ ᠳᠤ ᠬᠠᠳᠠᠭᠠᠯᠠᠬᠤ᠂ ᠴᠠᠭ ᠲᠤᠨᠢ ᠳᠤᠬᠢᠷᠠᠭᠤᠯᠤᠨ ᠠᠮᠤ ᠪᠤᠳᠠᠭ᠎ᠠ ᠶᠢ ᠬᠤᠳᠠᠯᠳᠤᠬᠤ᠂ ᠲᠥᠪᠯᠡᠷᠡᠭᠦᠯᠦᠨ ᠬᠠᠳᠠᠭᠠᠯᠠᠬᠤ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠢ ᠲᠤᠬᠠᠢ ᠶᠢᠨ ᠭᠠᠵᠠᠷ ᠲᠤᠨᠢ ᠰᠤᠷᠤᠯᠴᠠᠨ ᠰᠣᠯᠢᠯᠴᠠᠪᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳ᠋ᠦᠩᠨᠡᠯᠲᠡ ᠶᠢᠨ ᠶᠡᠭᠡ ᠬᠤᠷᠠᠯ ᠬᠢᠵᠦ᠂ ᠪᠦᠬᠦ ᠠᠶᠢᠮᠠᠭ ᠤᠨ 20  ᠵᠢᠱᠢᠶ᠎ᠡ ᠦᠵᠡᠭᠦᠯᠬᠦ ᠲᠣᠰᠬᠤᠨ᠂ 29  ᠵᠢᠱᠢᠶ᠎ᠡ ᠦᠵᠡᠭᠦᠯᠬᠦ ᠲᠤᠮᠤ ᠡᠷᠦᠬᠡ᠂ 10  ᠵᠢᠱᠢᠶ᠎ᠡ ᠦᠵᠡᠭᠦᠯᠬᠦ ᠬᠤᠯᠪᠣᠭᠠᠲᠤ ᠡᠷᠦᠬᠡ ᠵᠢᠴᠢ 100  ᠵᠢᠱᠢᠶ᠎ᠡ ᠦᠵᠡᠭᠦᠯᠬᠦ ᠲᠠᠷᠢᠶᠠᠴᠢᠨ ᠡᠷᠦᠬᠡ ᠶᠢ ᠵᠠᠷᠯᠠᠨ ᠰᠠᠶᠢᠰᠢᠶᠠᠪᠠ    ᠬᠤᠷᠠᠯ ᠠᠴᠠ ᠴᠢᠬᠤᠯᠠᠴᠢᠯᠠᠭᠰᠠᠨ ᠨᠢ᠂ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠠᠮᠤ ᠪᠤᠳᠠᠭ᠎ᠠ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠦᠢᠯᠡᠳᠦᠯᠭᠡᠵᠢᠭᠦᠯᠵᠦ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠬᠤ ᠨᠢᠭᠡ ᠵᠦᠢᠯ ᠤᠨ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠡᠵᠡᠮᠳᠡᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠲᠥᠰᠦᠯ ᠢ ︽ᠪᠡᠶ᠎ᠡ ᠳᠤᠨᠢ ᠲᠣᠬᠢᠷᠠᠭᠤᠯᠤᠨ ᠲᠣᠭᠲᠠᠭᠠᠵᠤ︾᠂ ᠲᠠᠷᠢᠶᠠᠴᠢᠨ ᠡᠷᠦᠬᠡ ᠶᠢᠨ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ︽ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ︾ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠭᠠᠷᠤᠯᠲᠠ ᠪᠠᠨ ᠨᠡᠮᠡᠭᠳᠡᠭᠦᠯᠬᠦ ᠶᠢᠨ ᠬᠠᠮᠲᠤ ᠣᠷᠣᠯᠭ᠎ᠠ ᠪᠠᠨ ᠨᠡᠮᠡᠭᠳᠡᠭᠦᠯᠬᠦ ᠶᠢ ᠦᠨᠡᠨ ᠬᠦ ᠪᠡᠶᠡᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ  ᠭᠡᠪᠡ︕    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号