ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2023/3/20
    3 ᠳ᠋ᠤᠭᠠᠷ ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ᠂ ᠲᠠᠪᠤᠨ ᠶᠡᠭᠡ ᠡᠭᠦᠷᠭᠡ ᠶᠢᠨ ᠴᠢᠬᠤᠯᠠ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠢ ᠪᠥᠬᠦ ᠲᠠᠯ᠎ᠠ ᠪᠠᠷ ᠣᠶᠢᠯᠠᠭᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠠᠴᠠ ᠡᠮᠦᠨ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠥᠪᠡᠷ ᠢᠶᠠᠨ ᠰᠤᠷᠤᠯᠴᠠᠪᠠ᠃ ᠬᠤᠷᠠᠯ ᠳᠡᠭᠡᠷ᠎ᠡ᠂ ᠰᠦᠬᠡ᠂ ᠯᠢ ᠬᠤᠩ ᠼᠠᠢ᠂ ᠶᠠᠩ ᠵᠢᠢ ᠫᠧᠩ᠂ ᠰᠦᠨ ᠰᠢᠩ ᠢᠦᠢ᠂ ᠯᠢᠶᠠᠩ ᠶᠠᠨ ᠵᠢᠶᠦ᠋ᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠬᠤᠷᠠᠯ ᠠᠴᠠ  ᠵᠢᠭᠠᠵᠦ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠳᠤ᠂ ᠥᠪᠥᠷ ᠮᠣᠩᠭᠤᠯ ᠤᠨ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠥᠪᠥᠷ ᠮᠣᠩᠭᠤᠯ ᠰᠢᠨ᠎ᠡ ᠴᠠᠭ ᠦᠶ᠎ᠡ ᠳᠤ ᠶᠠᠮᠠᠷ ᠬᠥᠭᠵᠢᠯᠲᠡ ᠶᠢ ᠪᠡᠶᠡᠯᠡᠭᠦᠯᠬᠦ᠂ ᠬᠡᠷᠬᠢᠨ ᠬᠥᠭᠵᠢᠭᠦᠯᠬᠦ ᠡᠨᠡᠬᠦ ᠴᠢᠬᠤᠯᠠ ᠶᠡᠭᠡ ᠠᠰᠠᠭᠤᠳᠠᠯ ᠳᠤ ᠦᠨᠳᠦᠰᠦᠨ ᠠᠴᠠ ᠨᠢ ᠬᠠᠷᠢᠭᠤᠯᠲᠠ ᠥᠭᠴᠡᠢ᠂ ᠡᠨᠡ ᠪᠣᠯ ᠪᠢᠳᠡᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠡᠷᠦᠩᠬᠡᠢ ᠵᠢᠷᠤᠮᠯᠠᠯ᠂ ᠶᠡᠷᠦᠩᠬᠡᠢ ᠵᠢᠯᠤᠭᠤᠳᠤᠯᠭ᠎ᠠ᠂ ᠶᠡᠷᠦᠩᠬᠡᠢ ᠵᠦᠭᠯᠡᠭᠦᠷ ᠪᠣᠯᠤᠨ᠎ᠠ᠃ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ᠂ ᠪᠠᠶᠢᠯᠳᠤᠬᠤ ᠪᠣᠳᠣᠯᠭ᠎ᠠ ᠶᠢᠨ᠂ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ︽ᠬᠤᠶᠠᠷ ᠢ ᠲᠣᠭᠲᠠᠭᠠᠬᠤ︾ ᠶᠢᠨ  ᠰᠢᠢᠳᠪᠦᠷᠢᠯᠡᠭᠴᠢ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠶᠠᠭᠠᠬᠢᠵᠤ ᠱᠠᠭᠠᠷᠳᠠᠭᠰᠠᠨ ᠪᠣᠯ ᠲᠡᠭᠡᠵᠦ ᠬᠢᠬᠦ᠂ ᠶᠡᠷᠦᠩᠬᠡᠶ ᠱᠦᠵᠢ ᠬᠠᠮᠢᠭ᠎ᠠ ᠵᠢᠭᠠᠭᠰᠠᠨ ᠪᠣᠯ ᠲᠡᠨᠳᠡ ᠬᠦᠷᠴᠦ᠂ ᠬᠡᠯᠪᠠᠶᠢᠬᠦ ᠥᠬᠡᠶ᠂ ᠥᠭᠡᠷᠡᠲᠦᠬᠦ ᠥᠬᠡᠶ᠂ ᠡᠩᠨᠡᠭᠡ ᠠᠴᠠ ᠪᠠᠨ ᠬᠤᠴᠣᠷᠬᠤ ᠥᠬᠡᠶ ᠪᠠᠶᠢᠬᠤ ᠶᠢ ᠡᠷᠡᠰ ᠪᠡᠶᠡᠯᠡᠭᠦᠯᠵᠦ᠂ ᠪᠥᠬᠦ ᠠᠶᠢᠮᠠᠭ ᠤᠨ ᠡᠯ᠎ᠡ  ᠵᠦᠢᠯ ᠤᠨ ᠠᠵᠢᠯ  ᠦᠢᠯᠡᠰ ᠤᠨ ᠬᠥᠭᠵᠢᠯᠲᠡ ᠶᠢᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃     ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ᠂ ᠬᠠᠮᠤᠭ ᠤᠨ ᠵᠠᠩᠭᠢᠯᠠᠭ᠎ᠠ ᠨᠢ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠩᠭ᠎ᠠ ᠠᠳᠬᠤᠵᠤ᠂ ᠭᠠᠷᠳᠠᠴᠠ ᠪᠠ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠪᠦᠲᠦᠭᠡᠯᠴᠢ ᠴᠢᠨᠠᠷᠲᠠᠢ ᠪᠠᠷ ᠪᠣᠳᠠᠲᠠᠢ ᠠᠵᠢᠯᠯᠠᠭ᠎ᠠ ᠪᠠ ᠠᠵᠢᠯ ᠤᠨ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠢ ᠳᠤᠪᠤᠶᠢᠯᠭᠠᠨ ᠰᠠᠶᠢᠲᠤᠷ ᠠᠳᠬᠤᠵᠤ᠂ ᠪᠡᠯᠡ ᠮᠥᠩᠭᠦᠨ ᠤ ᠡᠬᠢ ᠪᠠᠶᠠᠯᠢᠭ ᠢ ᠨᠡᠶᠢᠳᠬᠡᠵᠦ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠨᠢᠭᠡ ᠶᠢ ᠠᠳᠬᠤᠪᠠᠯ ᠨᠢᠭᠡ ᠶᠢ ᠪᠡᠶᠡᠯᠡᠭᠦᠯᠬᠦ ᠶᠢ ᠪᠠᠲᠤᠯᠠᠵᠤ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠢ᠃ ᠴᠠᠭ ᠤᠨ ᠳᠠᠷᠠᠭᠠᠯᠠᠯ ᠢ ᠲᠣᠳᠣᠷᠬᠠᠶᠢᠯᠠᠵᠤ᠂ ᠲᠦᠷᠦᠯ ᠬᠤᠪᠢᠶᠠᠨ ᠠᠬᠢᠭᠤᠯᠵᠤ᠂ ᠡᠭᠦᠷᠭᠡ ᠶᠢ ᠨᠠᠷᠢᠨ ᠲᠠᠩᠰᠠᠴᠢᠯᠠᠬᠤ᠂ ᠲᠦᠷᠦᠯ ᠵᠦᠢᠯᠴᠢᠯᠡᠬᠦ᠂ ᠪᠣᠳᠠᠲᠠᠶᠢᠵᠢᠭᠤᠯᠵᠤ᠂ ᠠᠵᠢᠯ ᠨᠢᠭᠡᠪᠦᠷᠢ ᠳᠤ ᠭᠠᠷᠳᠠᠴᠠ ᠲᠠᠢ᠂ ᠠᠴᠢᠶᠠᠯᠠᠪᠤᠷᠢ ᠲᠠᠢ ᠪᠠᠶᠢᠬᠤ ᠶᠢ ᠪᠠᠲᠤᠯᠠᠵᠤ᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠵᠤ᠂ ᠬᠢᠯᠠᠰ ᠴᠡᠭ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠰᠡᠳᠬᠢᠴᠡ ᠠᠷᠭ᠎ᠠ  ᠬᠡᠮᠵᠢᠶ᠎ᠡ ᠶᠢᠨ ᠰᠢᠨ᠎ᠡ ᠶᠢ ᠡᠭᠦᠳᠴᠦ᠂ ᠣᠷᠣᠨ ᠪᠠᠶᠢᠷᠢ᠂ ᠠᠮᠢ ᠠᠬᠤᠢ ᠪᠣᠯᠤᠨ ᠨᠡᠬᠡᠬᠡᠯᠳᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠣᠳᠣᠨ ᠲᠦᠷᠦᠯ ᠵᠦᠢᠯ᠂ ᠤᠨᠴᠠᠯᠢᠬᠳᠤ ᠲᠦᠷᠦᠯ ᠵᠦᠢᠯ᠂ ᠬᠢᠯᠠᠰ ᠴᠡᠭ ᠤᠨ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠪᠤᠳᠤᠯ ᠢᠶᠠᠨ ᠠᠵᠢᠯᠯᠠᠬᠤ ᠠᠷᠭ᠎ᠠ ᠪᠣᠯᠭᠠᠵᠤ᠂ ᠡᠭᠦᠷᠭᠡ ᠶᠢᠨ ᠪᠢᠴᠢᠭ ᠢ ᠬᠢᠷᠢ ᠪᠦᠲᠦᠮᠵᠢ ᠶᠢᠨ ᠬᠠᠭᠤᠳᠠᠰᠤ ᠪᠣᠯᠭᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号