ᠰᠦᠬᠡ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/3/20
   3 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠪᠠᠶᠢᠭᠤᠯᠤᠯᠲᠠ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠭᠰᠢ ᠰᠤᠷᠤᠭᠴᠢᠳ ᠤᠨ ᠲᠥᠯᠥᠭᠡᠯᠡᠭᠴᠢᠳ ᠲᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃    ᠰᠦᠬᠡ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠡᠭᠡᠳᠦ ᠰᠤᠷᠭᠠᠭᠤᠯᠢ᠂ ᠠᠨᠠᠭᠠᠬᠤ ᠤᠬᠠᠭᠠᠨ ᠤ ᠡᠷᠡᠭᠦᠯ ᠮᠡᠨᠳᠦ ᠶᠢᠨ ᠰᠠᠯᠪᠤᠷᠢ ᠶᠢᠨ ᠳᠠᠳᠤᠯᠭ᠎ᠠ ᠪᠣᠯᠪᠠᠰᠤᠷᠠᠯ ᠤᠨ ᠲᠠᠰᠤᠭ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠪᠠ ᠰᠤᠷᠤᠭᠴᠢᠳ ᠤᠨ ᠬᠡᠲᠦ ᠳᠡᠯᠭᠡᠭᠦᠷ ᠲᠤ ᠬᠦᠷᠴᠦ᠂ ᠲᠤᠰᠬᠠᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠪᠠ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠡᠭᠡᠳᠦ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠤ ᠴᠢᠳᠠᠪᠬᠢ ᠶᠢ ᠪᠠᠶᠠᠯᠢᠭᠵᠢᠭᠤᠯᠵᠤ᠂ ᠰᠤᠷᠤᠭᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠨᠥᠬᠦᠴᠡᠯ ᠢ ᠦᠨᠡᠨᠬᠦ ᠰᠠᠶᠢᠵᠢᠷᠠᠭᠤᠯᠵᠤ᠂ ᠡᠯ᠎ᠡ ᠲᠦᠷᠦᠯ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠬᠡᠷᠡᠭᠴᠡᠭᠡ ᠶᠢ ᠬᠠᠩᠭᠠᠵᠤ᠂ ᠴᠢᠨᠠᠷ ᠰᠠᠶᠢᠲᠠᠢ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠲᠠᠷᠠᠭ᠎ᠠ ᠨᠢ ᠬᠤᠷᠠᠯᠳᠤᠭᠤᠯᠤᠭᠰᠠᠨ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂  ᠰᠦᠬᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ ᠠᠵᠢᠯᠳᠠᠨ ᠪᠣᠯᠤᠨ ᠰᠤᠷᠤᠭᠴᠢᠳ ᠤᠨ ᠲᠥᠯᠥᠭᠡᠯᠡᠭᠴᠢᠳ ᠲᠤ ᠪᠦᠬᠦ ᠤᠯᠤᠰ ᠤᠨ ᠬᠤᠶᠠᠷ ᠬᠤᠷᠠᠯ ᠤᠨ ᠦᠪᠡᠳᠡᠭᠰᠢ ᠪᠠᠶᠢᠳᠠᠯ᠂ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠨᠠᠷᠢᠨ ᠲᠠᠶᠢᠯᠪᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠶᠢ ᠤᠯᠠᠮᠵᠢᠯᠠᠬᠤ ᠶᠢᠨ ᠬᠠᠮᠲᠤ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠤᠯᠠᠮ ᠨᠢᠭᠡ ᠠᠯᠬᠤᠮ ᠰᠠᠶᠢᠲᠤᠷ ᠵᠣᠬᠢᠶᠠᠨ ᠪᠠᠶᠢᠭᠤᠯᠵᠤ᠂ ᠲᠤᠰᠬᠠᠶ ᠮᠡᠷᠭᠡᠵᠢᠯ ᠢ ᠵᠦᠶ ᠵᠣᠬᠢᠰᠲᠠᠶ ᠳᠣᠭᠢᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠡᠭᠦᠳᠦᠨ ᠪᠠᠶᠢᠭᠤᠯᠵᠤ᠂ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ ᠳᠤ ᠦᠨᠡᠨᠬᠦ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠨ᠎ᠠ ᠃ ᠲᠡᠷᠡ᠂ ᠵᠠᠯᠠᠭᠤᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠂ ᠥᠷᠭᠡᠨ ᠤᠯᠠᠨ ᠰᠤᠷᠤᠭᠴᠢᠳ ᠰᠤᠷᠤᠯᠴᠠᠬᠤ ᠠᠵᠠ ᠲᠣᠬᠢᠶᠠᠯ ᠢᠶᠠᠨ ᠨᠠᠨᠳᠢᠩᠨᠠᠵᠤ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠᠨ ᠰᠠᠶᠢᠲᠤᠷ ᠪᠣᠯᠪᠠᠰᠤᠷᠠᠭᠤᠯᠵᠤ᠂ ᠪᠦᠬᠦ ᠠᠶᠢᠮᠠᠭ ᠤᠨ ᠶᠡᠷᠦᠩᠬᠡᠢ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠦᠴᠦᠨ ᠴᠢᠳᠠᠯ ᠢᠶᠠᠨ ᠡᠷᠭᠦᠵᠦ᠂ ᠤᠯᠤᠰ ᠢᠶᠠᠨ ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠤᠪᠢ ᠨᠡᠮᠡᠷᠢ ᠪᠠᠨ ᠦᠵᠡᠭᠦᠯᠵᠦ᠂ ᠬᠡᠷᠡᠯ ᠭᠢᠯᠪᠠᠭ᠎ᠠ ᠪᠠᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ  ᠰᠡᠴᠡᠨᠳᠦ᠋ᠭᠦᠷᠡᠩ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠤᠯ ᠹᠠᠨ ᠶᠦᠩ ᠢ ᠠᠵᠢᠯᠯᠠᠭ᠎ᠠ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号