ᠰᠦᠬᠡ ᠰᠢᠨ᠎ᠡ ᠡᠨᠧᠷᠭᠢ ᠶᠢᠨ ᠠᠵᠤ ᠦᠢᠯᠡᠰ ᠠᠮᠢ ᠠᠬᠤᠢ ᠶᠢᠨ ᠣᠷᠴᠢᠨ ᠲᠣᠭᠤᠷᠢᠨ ᠪᠣᠯᠤᠨ ᠲᠤᠭ᠎ᠠ ᠪᠦᠷᠢᠳᠬᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/20
     3 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠲᠠᠪᠤᠨ ᠶᠡᠭᠡ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠠᠵᠤ ᠦᠢᠯᠡᠰ᠂ ᠠᠮᠢ ᠠᠬᠤᠶ ᠶᠢᠨ ᠣᠷᠴᠢᠨ ᠲᠣᠭᠤᠷᠢᠨ ᠪᠠ ᠲᠤᠭ᠎ᠠ ᠪᠦᠷᠢᠳᠬᠡᠯ ᠤᠨ ᠠᠵᠢᠯ ᠳᠤ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠪᠠ᠃    ᠵᠥᠩ ᠭᠤᠸᠠᠩ ᠴᠥᠮ᠎ᠡ ᠶᠢᠨ ᠬᠢᠩᠭᠠᠨ ᠠᠶᠢᠮᠠᠭ ᠤᠨ ᠠᠵᠢᠯᠯᠠᠭᠤᠯᠵᠤ ᠬᠠᠮᠠᠭᠠᠯᠠᠬᠤ ᠰᠠᠭᠤᠷᠢᠨ ᠭᠠᠵᠠᠷ ᠲᠤ᠂ ᠰᠦᠬᠡ ᠲᠥᠪᠯᠡᠷᠡᠭᠦᠯᠦᠨ ᠡᠵᠡᠮᠳᠡᠬᠦ ᠲᠥᠪ᠂ ᠠᠮᠢᠳᠤ ᠪᠣᠳᠠᠰ ᠤᠨ ᠮᠠᠰ ᠤᠨ ᠠᠵᠤ ᠦᠢᠯᠡᠰ ᠤᠨ ᠰᠤᠳᠤᠯᠤᠨ ᠨᠡᠭᠡᠭᠡᠬᠦ ᠲᠥᠪ ᠲᠤ ᠬᠦᠷᠴᠦ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠡᠨᠧᠷᠭᠢ ᠶᠢᠨ ᠲᠥᠷᠥᠯ ᠵᠦᠢᠯ ᠢ ᠳᠥᠯᠭᠢᠨ ᠠᠬᠢᠭᠤᠯᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠢᠢᠷ᠎ᠠ ᠶᠢᠨ ᠵᠢᠯ ᠠᠴᠠ ᠳᠤᠮᠳᠠᠳᠤ ᠤᠯᠤᠰ ᠭᠤᠸᠠᠩᠵᠧᠦ ᠶᠢᠨ ᠴᠥᠮ᠎ᠡ ᠶᠢᠨ ᠪᠦᠯᠦᠭᠯᠡᠯ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠢᠩᠭᠠᠨ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠣᠷᠣᠨ ᠪᠦᠰᠡ ᠶᠢᠨ ᠡᠬᠢ ᠪᠠᠶᠠᠯᠢᠭ ᠢ ᠨᠡᠶᠢᠳᠬᠡᠵᠦ᠂ ᠴᠡᠪᠡᠷ ᠡᠨᠧᠷᠭᠢ ᠶᠢᠨ ᠪᠦᠬᠦ ᠠᠵᠤ ᠦᠢᠯᠡᠰ ᠤᠨ  ᠬᠡᠯᠬᠢᠶ᠎ᠡ  ᠶᠢ ᠨᠡᠭᠡᠭᠡᠨ ᠬᠥᠭᠵᠢᠭᠦᠯᠵᠦ ᠡᠵᠡᠩᠨᠡᠬᠦ ᠵᠠᠭᠪᠤᠷ ᠢ ᠪᠠᠶᠢᠭᠤᠯᠵᠤ᠂ ᠮᠠᠨ ᠤ ᠠᠶᠢᠮᠠᠭ ᠤᠨ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠨᠡᠩ ᠰᠠᠶᠢᠲᠤᠷ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠵᠡᠢ᠃ ᠪᠦᠯᠦᠭᠯᠡᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠪᠡᠯᠡ ᠣᠷᠣᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠴᠡᠪᠡᠷ ᠡᠨᠧᠷᠭᠢ ᠶᠢ ᠲᠤᠬᠠᠢ ᠶᠢᠨ ᠭᠠᠵᠠᠷ ᠲᠤᠨᠢ ᠬᠤᠪᠢᠷᠠᠭᠤᠯᠤᠨ ᠠᠰᠢᠭᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠩ ᠤᠯᠠᠨ ᠤᠯᠠᠨ ᠲᠦᠮᠡᠨ ᠳᠤ ᠪᠣᠬᠢᠷᠲᠤᠯ ᠦᠭᠡᠢ ᠡᠨᠧᠷᠭᠢ ᠶᠢᠨ ᠬᠥᠭᠵᠢᠯᠲᠡ ᠶᠢᠨ ᠠᠰᠢᠭ ᠲᠤᠰᠠ ᠶᠢ ᠡᠳ᠋ᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠰᠦᠬᠡ ᠲᠤᠬᠠᠢ ᠶᠢᠨ ᠭᠠᠵᠠᠷ ᠲᠤᠨᠢ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠷᠢᠶ᠎ᠠ ᠣᠷᠣᠨ ᠤ ᠬᠡᠰᠡᠭ ᠤᠯᠤᠰ ᠤᠨ ᠣᠷᠴᠢᠨ ᠲᠣᠭᠤᠷᠢᠨ ᠤ ᠠᠭᠠᠷ ᠤᠨ ᠠᠦ᠋ᠲ᠋ᠣ᠋ ᠦᠷᠳᠡᠭᠡ ᠶᠢ ᠪᠠᠶᠢᠴᠠᠭᠠᠨ ᠦᠵᠡᠵᠦ᠂ ᠣᠷᠴᠢᠨ ᠲᠣᠭᠤᠷᠢᠨ ᠤ ᠠᠭᠠᠷ ᠤᠨ ᠬᠢᠨᠠᠨ ᠬᠡᠮᠵᠢᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠤᠨᠢᠨ ᠳᠡᠭᠡᠷ᠎ᠡ ᠨᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠲᠤᠯ ᠢ ᠰᠡᠷᠭᠡᠶᠢᠯᠡᠨ ᠵᠠᠰᠠᠬᠤ᠂ ᠡᠪᠡᠳᠴᠢᠨ ᠳᠤᠨᠢ ᠲᠠᠭᠠᠷᠠᠭᠤᠯᠤᠨ ᠵᠠᠰᠠᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠤᠨ ᠡᠵᠡᠮᠳᠡᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠢᠩᠭᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃    ᠰᠦᠬᠡ ᠪᠠᠰᠠ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ᠂ ᠲᠤᠭ᠎ᠠ ᠪᠦᠷᠢᠳᠬᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠠᠶ᠃ ᠲᠡᠷᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠣᠯᠠᠨᠲᠠ ᠴᠠᠭᠠᠵᠠᠯᠠᠪᠠᠴᠤ ᠦᠯᠦ ᠲᠠᠰᠤᠯᠳᠠᠭᠤᠯᠬᠤ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠶᠣᠰᠣᠭᠠᠷ ᠲᠤᠭ᠎ᠠ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠶᠢ ᠪᠦᠬᠦ ᠲᠠᠯ᠎ᠠ ᠪᠠᠷ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠢ ᠲᠤᠭ᠎ᠠ ᠪᠦᠷᠢᠳᠬᠡᠯ ᠤᠨ ᠬᠢᠨᠠᠯᠲᠠ ᠪᠠᠷ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ  ᠱᠦ ᠴᠧᠩ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号