3 ᠳ᠋ᠤᠭᠠᠷ ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ | ᠲᠦᠴᠢᠦᠸᠠᠨ ᠰᠢᠶᠠᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠡᠯᠡᠳᠭᠡᠮᠵᠢᠳᠤ | ᠲᠠᠷᠢᠶᠠᠯᠠᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠵᠠᠩ ᠰᠢᠶᠤᠤ ᠪᠢᠩ ᠶᠦᠩ ᠠᠨ ᠪᠠᠯᠭᠠᠰᠤᠨ ᠤ ᠰᠧ ᠵᠢᠶᠠ ᠽᠢ ᠲᠣᠰᠬᠤᠨ᠂ ᠲᠦᠴᠢᠦᠸᠠᠨ ᠪᠠᠯᠭᠠᠰᠤᠨ ᠤ ᠰᠢᠨ | ᠱᠧᠩ ᠲᠣᠰᠬᠤᠨ᠂ ᠲᠠᠢ ᠫᠢᠩ ᠰᠢᠶᠠᠩ ᠤᠨ ᠦ᠋ ᠰᠠᠨ ᠲᠣᠰᠬᠤᠨ ᠳᠤ ᠬᠦᠷᠴᠦ᠂ ᠭᠡᠷ ᠪᠦᠯᠢ ᠶᠢᠨ ᠠᠵᠤ ᠠᠬᠤᠢ᠂ | ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ | ᠲᠦᠴᠢᠦᠸᠠᠨ ᠰᠢᠶᠠᠨ ᠤ ᠡᠬᠢ ᠪᠠᠶᠠᠯᠢᠭ ᠨᠢ ᠰᠢᠯᠢᠳᠡᠭ᠂ ᠠᠵᠤ ᠦᠢᠯᠡᠰ ᠤᠨ ᠰᠠᠭᠤᠷᠢ ᠨᠢ ᠰᠠᠶᠢᠨ ᠪᠠᠶᠢᠳᠠᠭ | ᠪᠣᠯᠬᠤᠷ ᠵᠠᠬ᠎ᠠ ᠳᠡᠯᠭᠡᠭᠦᠷ ᠢ ᠠᠩᠬᠠᠷᠤᠨ ᠠᠵᠢᠭᠯᠠᠵᠤ᠂ ᠵᠠᠬ᠎ᠠ ᠳᠡᠯᠭᠡᠭᠦᠷ ᠢ ᠬᠠᠷᠠᠭᠠᠯᠠᠨ ᠠᠵᠢᠯᠯᠠᠵᠤ᠂ ᠶᠡᠭᠡ | ᠬᠡᠪᠴᠢᠶ᠎ᠡ ᠪᠠᠷ᠂ ᠨᠠᠷᠢᠯᠢᠭ ᠪᠣᠯᠪᠠᠰᠤᠷᠠᠭᠤᠯᠬᠤ᠂ ᠨᠠᠷᠠᠲᠤ ᠲᠡᠮᠳᠡᠭ ᠢ ᠨᠠᠷᠢᠯᠢᠭ ᠬᠢᠬᠦ᠂ ᠪᠣᠷᠣᠯᠠᠭᠤᠯᠭ᠎ᠠ ᠶᠢ ᠠᠮᠢᠳᠤᠯᠢᠭ | ᠪᠣᠯᠭᠠᠬᠤ ᠳᠡᠭᠡᠷ᠎ᠡ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠶᠢ | ᠳᠡᠭᠡᠭᠰᠢᠯᠡᠭᠦᠯᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠳᠥᠯᠭᠢᠨ ᠠᠬᠢᠭᠤᠯᠵᠤ᠂ ᠶᠠᠰᠤ ᠴᠢᠨᠠᠷ ᠢ ᠴᠢᠭᠢᠷᠠᠭᠵᠢᠭᠤᠯᠬᠤ ᠬᠡᠷᠡᠭᠲᠡᠶ᠃ ᠲᠤᠬᠠᠶ ᠶᠢᠨ ᠭᠠᠵᠠᠷ ᠤᠨ ᠪᠠᠶᠢᠭᠠᠯᠢ ᠶᠢᠨ | ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠲᠠᠭᠠᠨ ᠲᠦᠰᠢᠭᠯᠡᠨ᠂ ᠬᠦᠷᠢᠶ᠎ᠡ ᠬᠠᠰᠢᠶ᠎ᠠ ᠪᠠᠷ ᠵᠢᠭᠰᠠᠭᠠᠯ ᠤᠨ | ᠭᠠᠵᠠᠷ ᠪᠣᠯᠭᠠᠵᠤ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠭᠡᠷ ᠪᠠᠶᠢᠰᠢᠩ ᠤᠨ ᠠᠷᠤ ᠥᠪᠥᠷ ᠤᠨ ︽ | ᠢᠮᠠᠬᠤ ᠶᠢᠨ ᠲᠡᠳᠦᠶ ᠭᠠᠵᠠᠷ︾ ᠢ ᠰᠠᠶᠢᠲᠤᠷ ᠬᠡᠷᠡᠭᠯᠡᠭᠦᠯᠵᠦ᠂ ᠣᠬᠤᠷ ᠲᠡᠭᠰᠢ ᠲᠦᠷᠭᠡᠨ ᠬᠦᠷᠢᠶᠡᠨ ᠤ ᠠᠵᠤ | ᠠᠬᠤᠶ ᠶᠢ ᠶᠡᠬᠡᠪᠡᠷ ᠬᠥᠭᠵᠢᠭᠦᠯᠬᠦ ᠬᠡᠷᠡᠭᠲᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠠᠷᠢᠶᠠᠯᠠᠩ ᠤᠨ ︽ᠣᠷᠣᠯᠠᠨ ᠲᠠᠷᠢᠵᠤ | ᠣᠷᠣᠯᠠᠨ ᠬᠤᠷᠢᠶᠠᠬᠤ︾ ᠵᠠᠭᠪᠤᠷ ᠢ ᠲᠠᠷᠢᠮᠠᠯ ᠤᠨ ᠪᠦᠲᠦᠴᠡ ᠳᠤ ᠳᠤᠬᠢᠷᠠᠭᠤᠯᠤᠯᠳᠠ ᠬᠢᠬᠦ ᠲᠠᠢ ᠤᠶᠠᠯᠳᠤᠭᠤᠯᠵᠤ᠂ | ᠬᠥᠳᠡᠯᠮᠦᠷᠢ ᠬᠦᠴᠦᠨ ᠢ ᠰᠢᠯᠵᠢᠭᠦᠯᠬᠦ ᠪᠣᠯᠪᠠᠰᠤᠷᠠᠯ ᠢ ᠥᠷᠨᠢᠭᠦᠯᠬᠦ ᠲᠠᠢ ᠤᠶᠠᠯᠳᠤᠭᠤᠯᠵᠤ᠂ ᠲᠠᠷᠢᠶᠠᠯᠠᠩ ᠤᠨ | ᠦᠢᠯᠡᠳᠪᠦᠷᠢᠯᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ᠂ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ | ᠪᠠᠶᠢᠭᠠᠳ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠵᠢᠯᠣᠭᠤᠳᠴᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠲᠠᠷᠢᠶᠠᠨ ᠭᠠᠵᠠᠷ ᠲᠤ ᠬᠡᠪᠲᠡᠭᠰᠡᠨ ᠠᠮᠤ ᠪᠤᠳᠠᠭ᠎ᠠ︾ | ︽ᠸᠠᠯᠠᠭᠰᠠᠨ ᠠᠮᠤ ᠪᠤᠳᠠᠭ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠤᠷᠣᠭᠳᠠᠯ ᠢ ᠪᠠᠭᠠᠰᠬᠠᠨ | ᠬᠤᠬᠢᠷᠠᠯ ᠢ ᠪᠠᠭᠠᠰᠬᠠᠬᠤ ᠪᠠᠷ ᠳᠠᠮᠵᠢᠭᠤᠯᠤᠨ ᠭᠠᠷᠤᠯᠲᠠ ᠪᠠᠨ ᠨᠡᠮᠡᠭᠳᠡᠭᠦᠯᠦᠨ ᠬᠠᠩᠭᠠᠯᠭ᠎ᠠ ᠶᠢ ᠪᠠᠲᠤᠯᠠᠬᠤ ᠶᠢ | ᠠᠬᠢᠭᠤᠯᠬᠤ ᠬᠡᠷᠡᠭᠲᠡᠶ ᠭᠡᠪᠡ᠃ | ᠯᠢᠦ ᠬᠤ᠋ ᠪᠠᠯᠭᠠᠰᠤ ᠶᠢᠨ ᠤᠨᠴᠠᠯᠢᠬᠳᠤ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ᠂ | ᠯᠢᠦᠶ ᠹᠧᠩ ᠴᠢᠤᠸᠠᠨ ᠤ ᠲᠦᠮᠡᠨ ᠠᠯᠠᠰᠢᠨ ᠦᠬᠡᠷ ᠨᠢᠲᠤᠯᠵᠤ ᠪᠣᠯᠪᠠᠰᠤᠷᠠᠭᠤᠯᠬᠤ ᠦᠢᠯᠡᠳᠪᠦᠷᠢ᠂ ᠱᠦ ᠭᠤᠸᠠᠩ | ᠬᠦᠷᠢᠶᠡᠯᠡᠩ ᠲᠣᠭᠤᠷᠢᠭ ᠤᠨ ᠦᠶ᠎ᠡ ᠳᠤ ᠤᠳᠤ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠤᠨ ᠰᠠᠭᠤᠷᠢᠨ ᠭᠠᠵᠠᠷ | ᠪᠣᠯᠤᠨ ᠸᠠᠨ ᠮᠦ ᠸᠧᠨ ᠭᠤᠸᠠᠨ ᠵᠢᠮᠢᠰ ᠤᠨ ᠵᠢᠱᠢᠶ᠎ᠡ ᠦᠵᠡᠭᠦᠯᠬᠦ ᠲᠠᠷᠢᠮᠠᠯ ᠤᠨ ᠰᠠᠭᠤᠷᠢᠨ ᠢ ᠪᠠᠶᠢᠭᠤᠯᠵᠤ᠂ ᠵᠠᠩ | ᠰᠢᠶᠤᠤ ᠪᠢᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠠᠯᠠᠰᠢᠨ ᠦᠬᠡᠷ᠂ ᠬᠠᠭᠤᠷᠠᠢ ᠳ᠋ᠧᠦᠹᠦ᠋᠂ ᠰᠠᠷᠢᠮᠰᠠᠭ ᠵᠡᠷᠭᠡ ᠤᠨᠴᠠᠯᠢᠬᠳᠤ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠠᠵᠤ ᠦᠢᠯᠡᠰ ᠪᠣᠯ ᠵᠠᠩᠭᠢᠯᠠᠭ᠎ᠠ ᠪᠣᠯᠤᠨ᠎ᠠ᠃ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠢ | ᠠᠬᠢᠭᠤᠯᠬᠤ ᠶᠢ ᠴᠢᠩᠭ᠎ᠠ ᠠᠳᠬᠤᠵᠤ᠂ ᠲᠤᠰᠬᠠᠶᠢᠵᠢᠭᠰᠠᠨ ᠬᠦᠷᠢᠶᠡᠯᠡᠩ ᠲᠣᠭᠤᠷᠢᠭ ᠢᠶᠠᠷ ᠬᠥᠲᠥᠯᠦᠮᠵᠢ ᠪᠣᠯᠭᠠᠨ᠂ | ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠪᠡᠯᠡᠳᠭᠡᠮᠵᠢᠳᠤ ᠲᠠᠷᠢᠶᠠᠯᠠᠩ᠂ | ᠪᠡᠯᠡᠳᠭᠡᠮᠵᠢᠳᠤ ᠮᠠᠯ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠡᠪᠴᠢᠶᠡᠵᠢᠭᠰᠡᠨ | ᠡᠷᠴᠢᠮᠵᠢᠭᠰᠡᠨ ᠬᠥᠭᠵᠢᠯᠲᠡ ᠶᠢ ᠲᠦᠯᠬᠢᠨ ᠠᠬᠢᠭᠤᠯᠵᠤ᠂ ᠲᠠᠷᠢᠶᠠᠴᠢᠳ ᠢ ᠬᠢᠬᠦ ᠠᠵᠢᠯ ᠲᠠᠢ᠂ ᠤᠯᠬᠤ ᠵᠣᠭᠤᠰ ᠲᠠᠢ | ᠪᠣᠯᠭᠠᠬᠤ ᠬᠡᠷᠡᠭᠲᠡᠶ᠃ ᠪᠣᠬᠢᠷᠲᠤᠯ ᠦᠭᠡᠢ ᠣᠷᠭᠠᠨᠢᠭ ᠢᠶᠠᠷ ᠴᠢᠭᠯᠡᠯ ᠪᠣᠯᠭᠠᠨ᠂ ︽ᠨᠤᠲᠤᠭ ᠤᠨ ᠣᠨᠴᠠ ᠭᠠᠷᠤᠯᠲᠠ︾ | ᠶᠢ ᠰᠢᠯᠢᠳᠡᠭᠵᠢᠭᠦᠯᠦᠨ ᠨᠠᠷᠢᠯᠢᠭ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠪᠠ | ᠦᠢᠯᠡᠳᠬᠦᠨ ᠤ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠦᠢᠯᠡᠳᠬᠦᠨ ᠢ ᠰᠤᠳᠤᠯᠤᠨ ᠨᠡᠭᠡᠭᠡᠬᠦ᠂ ᠪᠣᠭᠤᠳᠠᠯᠯᠠᠬᠤ | ᠵᠢᠷᠤᠭ ᠲᠥᠯᠥᠪᠯᠡᠭᠡ᠂ ᠰᠢᠨ᠎ᠡ ᠰᠣᠷᠭᠤᠭ ᠬᠠᠳᠠᠭᠠᠯᠠᠬᠤ ᠵᠡᠷᠭᠡ ᠶᠢ ᠪᠦᠬᠦ ᠲᠠᠯ᠎ᠠ ᠪᠠᠷ ᠲᠡᠰ ᠳᠡᠪᠰᠢᠭᠦᠯᠬᠦ ᠶᠢ ᠶᠡᠬᠡᠪᠡᠷ | ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ ᠶᠢ ᠰᠠᠶᠢᠲᠤᠷ | ᠬᠢᠵᠦ᠂ ᠨᠤᠲᠤᠭ ᠤᠨ ᠣᠨᠴᠠ ᠭᠠᠷᠤᠯᠲᠠ ᠶᠢ ᠪᠦᠬᠦ ᠤᠯᠤᠰ ᠤᠨ ᠲᠤᠮᠤ ᠵᠠᠬ᠎ᠠ ᠳᠡᠯᠭᠡᠭᠦᠷ ᠲᠠᠢ ᠨᠡᠩ ᠰᠠᠶᠢᠨ | ᠬᠤᠯᠪᠣᠵᠤ᠂ ᠰᠠᠶᠢᠨ ᠦᠨ᠎ᠡ ᠪᠠᠷ ᠬᠤᠳᠠᠯᠳᠤᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠩ ᠰᠢᠶᠤᠤ ᠪᠢᠩ ᠪᠠᠰᠠ ᠲᠦᠴᠢᠦᠸᠠᠨ ᠪᠠᠯᠭᠠᠰᠤ ᠶᠢᠨ ᠨᠡᠶᠢᠲᠡ ᠶᠢᠨ ᠪᠠᠶᠢᠷᠢ ᠶᠢᠨ ᠮᠠᠶ᠋ᠢᠭ ᠤᠨ | ᠨᠡᠶᠢᠭᠡᠮᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠭ᠎ᠠ ᠲᠣᠭᠤᠷᠢᠭ ᠲᠤ ᠬᠦᠷᠴᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ | ᠠᠶᠢᠮᠠᠭ ᠤᠨ ᠤᠳᠤᠷᠢᠳᠤᠯᠭ᠎ᠠ ᠰᠦᠨ ᠰᠢᠩ ᠢᠦᠢ᠂ ᠲᠦᠴᠢᠦᠸᠠᠨ ᠰᠢᠶᠠᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |