ᠤᠯᠠᠭᠠᠨᠬᠤᠲᠠ 2023 ᠣᠨ ᠤ ᠨᠠᠮ ᠣᠯᠠᠨ ᠲᠦᠮᠡᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/21
   3 ᠰᠠᠷ᠎ᠠ ᠶᠢᠨ 17 ᠤ ᠡᠳᠦᠷ᠂ ᠤᠯᠠᠭᠠᠨᠬᠤᠲᠠ 2023 ᠣᠨ ᠤ ᠨᠠᠮ ᠣᠯᠠᠨ ᠲᠦᠮᠡᠨ ᠤ ᠠᠵᠢᠯ ᠤᠨ ᠬᠤᠷᠠᠯ ᠬᠤᠷᠠᠯᠳᠤᠭᠤᠯᠵᠤ᠂ 2022 ᠣᠨ ᠤ ᠪᠥᠬᠦ ᠬᠤᠲᠠ ᠶᠢᠨ ᠵᠣᠬᠢᠶᠠᠨ ᠪᠠᠶᠢᠭᠤᠯᠬᠤ ᠠᠵᠢᠯ᠂ ᠤᠬᠠᠭᠤᠯᠭ᠎ᠠ ᠶᠢᠨ ᠠᠵᠢᠯ ᠂ ᠨᠢᠭᠡᠳᠦᠮᠡᠯ ᠹᠷᠣᠨᠲ ᠤᠨ ᠠᠵᠢᠯ ᠢ ᠳ᠋ᠦᠩᠨᠡᠵᠦ᠂ 2023 ᠣᠨ ᠤ ᠨᠠᠮ ᠤᠨ ᠪᠠᠶᠢᠭᠤᠯᠤᠯᠲᠠ ᠪᠠ ᠣᠯᠠᠨ ᠲᠦᠮᠡᠨ ᠤ ᠪᠦᠯᠬᠦᠮ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤ᠋ ᠹᠧᠩ ᠵᠢᠶᠣᠣ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠤᠳᠤᠷᠢᠳᠤᠯᠭ᠎ᠠ ᠰᠥᠩ ᠹᠧᠢ᠂ ᠸᠠᠩ ᠮᠢᠩ ᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ ᠂ ᠬᠤᠲᠠ ᠶᠢᠨ ᠤᠳᠤᠷᠢᠳᠤᠯᠭ᠎ᠠ ᠰᠤ᠋ ᠹᠧᠩ ᠵᠢᠶᠣᠣ᠂ ᠰᠥᠩ ᠹᠧᠢ᠂ ᠸᠠᠩ ᠮᠢᠩ ᠶᠠᠩ ᠲᠣᠰ ᠲᠣᠰ 2023 ᠣᠨ ᠤ ᠤᠯᠠᠭᠠᠨᠬᠤᠲᠠ ᠶᠢᠨ ᠵᠣᠬᠢᠶᠠᠨ ᠪᠠᠶᠢᠭᠤᠯᠬᠤ ᠠᠵᠢᠯ᠂ ᠨᠢᠭᠡᠳᠦᠮᠡᠯ ᠹᠷᠣᠨᠲ ᠤᠨ ᠠᠵᠢᠯ ᠪᠠ ᠣᠯᠠᠨ ᠲᠦᠮᠡᠨ ᠤ ᠪᠦᠯᠬᠦᠮ ᠤᠨ ᠠᠵᠢᠯ᠂ ᠤᠬᠠᠭᠤᠯᠭ᠎ᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠤᠭᠤᠰᠢᠯᠠᠭᠤᠯᠤᠨ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠪᠦᠯᠬᠦᠮ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠴᠤᠭ ᠰᠦᠯᠳᠡ ᠪᠠᠨ ᠪᠠᠳᠠᠷᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠢᠳᠡᠪᠬᠢᠲᠡᠢ ᠠᠵᠢᠯᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠠᠭᠤᠷᠢ ᠶᠢ ᠪᠠᠲᠤᠳᠬᠠᠵᠤ ᠦᠨᠳᠦᠰᠦ ᠶᠢ ᠪᠠᠬᠢᠵᠢᠭᠦᠯᠬᠦ᠂ ᠴᠢᠳᠠᠪᠤᠷᠢ ᠶᠢ ᠳᠡᠭᠡᠭᠰᠢᠯᠡᠭᠦᠯᠬᠦ ᠳᠤ ᠰᠠᠭᠤᠷᠢᠯᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠷᠴᠢ ᠵᠣᠷᠢᠭ ᠢᠶᠠᠨ ᠬᠥᠪᠴᠢᠯᠡᠵᠦ ᠪᠠᠶᠢᠳᠠᠯ ᠢ ᠪᠤᠢ ᠪᠣᠯᠭᠠᠬᠤ᠂ ᠠᠭᠤᠷ ᠠᠮᠢᠰᠬᠤᠯ ᠢ ᠪᠤᠢ ᠪᠣᠯᠭᠠᠬᠤ ᠳᠤ ᠰᠠᠭᠤᠷᠢᠯᠠᠵᠤ᠂ ︽ᠲᠠᠪᠤᠨ ᠶᠡᠭᠡ ᠡᠭᠦᠷᠭᠡ︾᠂ ︽ᠭᠤᠷᠪᠠᠨ ᠨᠠᠷᠢᠨ ᠲᠠᠩᠰᠠ︾ ᠵᠡᠷᠭᠡ ᠭᠤᠣᠯ ᠠᠵᠢᠯ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠤᠯᠠᠨ ᠬᠡᠯᠪᠡᠷᠢ ᠶᠢᠨ ᠭᠤᠣᠯ ᠰᠡᠳᠦᠪᠲᠦ ᠤᠬᠠᠭᠤᠯᠭ᠎ᠠ ᠮᠡᠳᠡᠭᠡᠯᠡᠯ ᠢ ᠥᠷᠨᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠤᠷᠠᠮᠳᠤᠭᠤᠯᠬᠤ ᠬᠡᠷᠡᠭᠲᠡᠢ᠃ ᠪᠦᠯᠬᠦᠮᠳᠡᠯ ᠲᠠᠢ ᠲᠣᠭᠲᠠᠭᠤᠨ᠂ ᠦᠨᠳᠦᠰᠦᠲᠡᠨ ᠪᠦᠬᠦᠨ ᠡᠶ᠎ᠡ ᠵᠣᠬᠢᠴᠠᠩᠭᠤᠢ ᠪᠠᠶᠢᠬᠤ ᠳᠤ ᠰᠠᠭᠤᠷᠢᠯᠠᠵᠤ᠂ ᠨᠢᠭᠡᠳᠦᠮᠡᠯ ᠹᠷᠣᠨᠲ ᠤᠨ ᠠᠵᠢᠯ ᠤᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠪᠠ ᠦᠨᠳᠦᠰᠦᠲᠡᠨ ᠤ ᠶᠠᠪᠤᠳᠠᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠤᠯᠠᠨ ᠲᠦᠮᠡᠨ ᠳᠤ ᠦᠢᠯᠡᠴᠢᠯᠡᠬᠦ ᠳᠤ ᠰᠠᠭᠤᠷᠢᠯᠠᠵᠤ᠂ ᠬᠥᠭᠵᠢᠯᠲᠡ ᠶᠢ ᠠᠬᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯᠯᠠᠭᠠᠨ ᠤ ᠠᠴᠢᠶᠠᠯᠠᠪᠤᠷᠢ ᠪᠠᠨ ᠪᠠᠶᠠᠯᠢᠭᠵᠢᠭᠤᠯᠵᠤ᠂ ᠨᠡᠶᠢᠭᠡᠮ ᠤᠨ ᠬᠠᠮᠢᠶᠠᠷᠤᠯᠲᠠ ᠳᠤ ᠪᠦᠲᠦᠮᠵᠢᠲᠡᠢ ᠣᠷᠣᠯᠴᠠᠵᠤ᠂ ᠨᠠᠮ ᠤᠯᠠᠨ ᠲᠦᠮᠡᠨ ᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃  
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号