ᠤᠯᠠᠭᠠᠨᠬᠤᠲᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠤᠶᠠᠳᠤᠭᠠᠷ ᠬᠤᠷᠠᠯ ᠵᠢᠴᠢ ᠨᠢᠭᠡᠳᠦᠭᠡᠷ ᠬᠤᠭᠤᠴᠠᠭᠠᠨ ᠤ ᠬᠢᠨᠠᠯᠲᠠ ᠲᠠᠯᠪᠢᠭᠴᠢ ᠶᠢᠨ ᠺᠣᠮᠢᠰ ᠤᠨ ᠬᠤᠶᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/21
   3 ᠰᠠᠷ᠎ᠠ ᠶᠢᠨ 17 ᠤ ᠡᠳᠦᠷ᠂ ᠤᠯᠠᠭᠠᠨᠬᠤᠲᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠤᠶᠠᠳᠤᠭᠠᠷ ᠬᠤᠷᠠᠯ ᠵᠢᠴᠢ ᠨᠢᠭᠡᠳᠦᠭᠡᠷ ᠬᠤᠭᠤᠴᠠᠭᠠᠨ ᠤ ᠬᠢᠨᠠᠯᠲᠠ ᠲᠠᠯᠪᠢᠭᠴᠢ ᠶᠢᠨ ᠺᠣᠮᠢᠰ ᠤᠨ ᠬᠤᠶᠠᠳᠤᠭᠠᠷ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠰᠤ᠋ ᠹᠧᠩ ᠵᠢᠶᠣᠣ᠂ ᠯᠥᠸᠧ ᠶᠠᠨ ᠬᠤᠩ᠂ ᠸᠠᠩ ᠭᠦᠸᠧ ᠠᠨ᠂ ᠸᠠᠩ ᠴᠢᠦ ᠵᠢᠴᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠯ᠎ᠡ ᠬᠡᠷᠡᠭ ᠡᠷᠬᠢᠯᠡᠭᠴᠢ᠂ ᠬᠢᠨᠠᠭᠴᠢ ᠪᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠭᠡᠰᠢᠭᠦᠳ ᠲᠣᠰ ᠤᠳᠠᠭᠠᠨ ᠤ ᠬᠤᠷᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠬᠤᠷᠠᠯ ᠡᠷᠭᠢᠯᠡᠪᠡ     ᠬᠤᠷᠠᠯ ᠳᠡᠭᠡᠷ᠎ᠡ᠂ ︽ᠨᠡᠶᠢᠭᠡᠮᠯᠢᠭ ᠤᠨ ᠳᠠᠷᠤᠭ᠎ᠠ᠂ ᠬᠢᠨᠠᠯᠲᠠ ᠲᠠᠯᠪᠢᠭᠴᠢ ᠶᠢᠨ ᠳᠠᠷᠤᠭ᠎ᠠ ᠵᠢᠴᠢ ᠬᠡᠰᠡᠭ ᠬᠡᠷᠡᠭ ᠡᠷᠬᠢᠯᠡᠭᠴᠢ ᠶᠢ ᠬᠤᠪᠢᠷᠠᠭᠤᠯᠬᠤ ᠲᠤᠬᠠᠢ ᠵᠥᠪᠯᠡᠯᠭᠡ︾᠂ ︽ᠤᠯᠠᠭᠠᠨᠬᠤᠲᠠ ᠶᠢᠨ ᠬᠦᠴᠢᠷᠳᠡᠯᠲᠡᠢ ᠰᠠᠭᠤᠭᠠᠯᠢ ᠠᠷᠠᠳ ᠢ ᠠᠪᠤᠷᠠᠨ ᠲᠤᠰᠠᠯᠠᠬᠤ ᠠᠵᠢᠯ ᠤᠨ ᠲᠥᠰᠥᠯ︾᠂ ︽ᠤᠯᠠᠭᠠᠨᠬᠤᠲᠠ ᠶᠢᠨ ᠬᠦᠴᠢᠷᠳᠡᠯᠲᠡᠢ ᠠᠵᠢᠯᠲᠠᠨ ᠠᠵᠢᠯᠴᠢᠨ ᠢ ᠠᠪᠤᠷᠠᠨ ᠲᠤᠰᠠᠯᠠᠬᠤ ᠠᠵᠢᠯ ᠤᠨ ᠲᠥᠰᠥᠯ︾ ︵ᠲᠥᠰᠥᠯ︶ ᠢ ᠬᠢᠨᠠᠨ ᠵᠥᠪᠯᠡᠵᠦ ᠪᠠᠲᠤᠯᠠᠪᠠ᠃ ︽ᠤᠯᠠᠭᠠᠨᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠬᠡᠷᠡᠭ ᠡᠷᠬᠢᠯᠡᠭᠴᠢᠳ ᠤᠨ ᠬᠤᠷᠠᠯ ᠠᠴᠠ ᠨᠠᠭᠠᠰᠢᠬᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠮᠡᠳᠡᠭᠦᠯᠦᠯᠲᠡ︾᠂ ︽ᠤᠯᠠᠭᠠᠨᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠢᠭᠡᠳᠦᠭᠡᠷ ᠬᠤᠭᠤᠴᠠᠭᠠᠨ ᠤ ᠨᠢᠭᠡᠳᠦᠭᠡᠷ ᠤᠳᠠᠭᠠᠨ ᠤ ᠬᠢᠨᠠᠯᠲᠠ ᠲᠠᠯᠪᠢᠭᠴᠢ ᠶᠢᠨ ᠺᠣᠮᠢᠰ ᠠᠴᠠ ᠨᠠᠭᠠᠰᠢᠬᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠰᠣᠨᠣᠰᠴᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤ᠋ ᠹᠧᠩ ᠵᠢᠶᠣᠣ ᠠᠴᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠬᠦᠴᠦᠲᠡᠢ ᠬᠠᠪᠰᠤᠷᠤᠭᠴᠢ ᠪᠣᠯᠤᠭᠰᠠᠨ ᠤ ᠬᠤᠪᠢ ᠳᠤ᠂ ᠨᠡᠶᠢᠭᠡᠮ ᠵᠢᠷᠤᠮᠲᠤ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠴᠢᠬᠤᠯᠠ ᠬᠦᠴᠦᠨ ᠮᠥᠨ ᠃ ᠪᠦᠬᠦ ᠬᠤᠳᠠ ᠶᠢᠨ ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠣᠬᠢᠶᠠᠨ ᠪᠠᠶᠢᠭᠤᠯᠤᠯᠲᠠ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠶᠢᠲᠡ ᠶᠢᠨ ᠠᠰᠠᠷᠠᠮᠵᠢ ᠶᠢᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ᠢᠯᠠ ᠪᠤᠰᠤ ᠬᠥᠷᠥᠩᠭᠡ ᠶᠢ ᠰᠠᠶᠢᠲᠤᠷ ᠠᠰᠢᠭᠯᠠᠨ ᠠᠮᠢᠳᠤᠯᠢᠭ ᠢᠶᠠᠷ ᠬᠡᠷᠡᠭᠯᠡᠵᠦ᠂ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃  
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号