ᠤᠯᠠᠭᠠᠨᠬᠤᠲᠠ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/21
     3 ᠰᠠᠷ᠎ᠠ ᠶᠢᠨ 15 ᠤ ᠡᠳᠦᠷ᠂ ᠤᠯᠠᠭᠠᠨᠬᠤᠲᠠ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠦ ᠭᠠᠩ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠵᠢᠶᠠᠩ ᠬᠤᠩ ᠵᠢᠶᠦ᠋ᠨ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃     ᠬᠤᠷᠠᠯ ᠠᠴᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠪᠣᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠶᠠᠭᠠᠬᠢᠭᠰᠠᠨ ᠴᠤ ᠬᠥᠩᠭᠡᠨ ᠬᠠᠭᠤᠮᠠᠭᠠᠢ ᠬᠠᠨᠳᠤᠵᠤ᠂ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠢ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠠᠵᠢᠯ ᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠵᠢᠭᠦᠷᠯᠡᠨ ᠰᠠᠬᠢᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠭᠠᠯ ᠲᠦᠢᠮᠡᠷ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠤᠬᠠᠭᠤᠯᠤᠨ ᠬᠥᠮᠥᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠴᠢᠩᠭᠠᠳᠬᠠᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠳᠡᠭᠡᠷ᠎ᠡ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ︽2023 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠣᠷᠣᠬᠰᠠᠨ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠵᠦ᠂ ᠡᠭᠦᠨ ᠤ ᠬᠠᠮᠲᠤ ︽ᠬᠢᠩᠭᠠᠨ ᠠᠶᠢᠮᠠᠭ ᠤᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠲᠣᠪᠴᠢᠶᠠᠨ ᠤ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠲᠡᠮᠦᠷ ᠵᠠᠮ ᠳᠠᠭᠠᠤ ᠶᠢᠨ ᠭᠠᠯ ᠲᠦᠢᠮᠡᠷ ᠢ ᠦᠨᠡᠨ ᠬᠦ ᠰᠡᠷᠭᠡᠶᠢᠯᠡᠬᠦ ᠲᠤᠬᠠᠢ ᠪᠠᠴᠢᠮ ᠮᠡᠳᠡᠭᠳᠡᠯ︾ ᠢ ᠤᠯᠠᠮᠵᠢᠯᠠᠵᠤ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠬᠠᠷᠢᠭᠤᠴᠠᠯᠭᠠᠲᠠᠨ ᠪᠠᠰᠠ ᠲᠤᠬᠠᠶᠢᠯᠠᠭᠰᠠᠨ ᠠᠵᠢᠯ ᠤᠨ ᠲᠠᠯ᠎ᠠ ᠠᠴᠠ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号