ᠬᠢᠩᠭᠠᠨ ᠠᠶᠢᠮᠠᠭ ᠤᠨ ᠬᠢᠨ ᠪᠥᠬᠦ ᠣᠷᠣᠨ ᠤ ᠠᠩᠬᠠᠳᠠᠭᠴᠢ CCER ︵ᠤᠯᠤᠰ ᠤᠨ ᠬᠠᠷᠭᠤᠭᠤᠯᠤᠨ ᠭᠡᠷᠡᠴᠢᠯᠡᠬᠦ ᠰᠠᠶᠢᠨ ᠳᠤᠷ᠎ᠠ ᠠᠴᠠ ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ︶ ᠣᠶ ᠰᠢᠭᠤᠶ ᠶᠢᠨ  ᠦᠢᠯᠡᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠤᠭᠤᠴᠠᠭᠠᠲᠤ ᠪᠠᠷᠠᠭᠠᠨ ᠤ ᠬᠡᠯᠪᠡᠷᠢ ᠶᠢᠨ ᠠᠷᠠᠯᠵᠢᠶ᠎ᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/3/21
   3 ᠰᠠᠷ᠎ᠠ ᠶᠢᠨ 20 ᠤ ᠡᠳᠦᠷ᠂ ᠲᠦᠴᠢᠦᠸᠠᠨ ᠰᠢᠶᠠᠨ ᠤ ᠵᠦᠩ ᠰᠢᠨ ᠤᠢ ᠰᠢᠭᠤᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠤᠨ ᠬᠤᠷᠠᠭᠤᠯᠬᠤ  ᠬᠡᠮᠵᠢᠶ᠎ᠡ ᠶᠢ ᠨᠡᠮᠡᠭᠳᠡᠭᠦᠯᠬᠦ ᠠᠷᠠᠯᠵᠢᠶᠠᠨ ᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠲᠦᠷᠦᠭᠦᠦ ᠪᠦᠯᠦᠭ ᠤᠨ ᠠᠷᠠᠯᠵᠢᠶᠠᠨ ᠤ  ᠬᠡᠮᠵᠢᠶ᠎ᠡ ᠨᠢ 100 ᠲᠦᠮᠡ᠃ ᠣᠶᠢᠯᠠᠭᠠᠭᠰᠠᠨ ᠢᠶᠠᠷ᠂ ᠲᠣᠰ ᠠᠷᠠᠯᠵᠢᠶ᠎ᠠ ᠪᠣᠯ ᠪᠥᠬᠦ ᠣᠷᠣᠨ ᠤ ᠠᠩᠬᠠᠳᠠᠭᠴᠢ CCER ︵ᠤᠯᠤᠰ ᠠᠴᠠ ᠰᠠᠶᠢᠨ ᠳᠤᠷ᠎ᠠ ᠠᠴᠠ ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠬᠢᠨᠠᠨ ᠭᠡᠷᠡᠴᠢᠯᠡᠬᠦ︶ ᠣᠶ ᠰᠢᠭᠤᠶ ᠶᠢᠨ  ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠬᠤᠭᠤᠴᠠᠭᠠᠲᠤ ᠪᠠᠷᠠᠭᠠᠨ ᠤ ᠬᠡᠯᠪᠡᠷᠢ ᠶᠢᠨ ᠠᠷᠠᠯᠵᠢᠶ᠎ᠠ ᠪᠣᠯᠤᠨ᠎ᠠ᠃    ᠥᠪᠡᠷᠲᠡᠭᠡᠨ ᠵᠠᠰᠠᠬᠤ ᠣᠷᠣᠨ ᠤ ︽ᠬᠤᠤᠰ ᠨᠡᠭᠦᠷᠡᠰᠦᠲᠥ᠋ᠷᠥᠭᠴᠢ︾ ᠶᠢᠨ ᠠᠵᠢᠯ ᠤᠨ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶᠠᠨ ᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠷᠠᠰᠢᠶᠠᠨ ᠬᠤᠲᠠ ᠶᠢᠨ ᠤᠯᠤᠰ ᠤᠨ ᠣᠶ ᠰᠢᠭᠤᠶ ᠶᠢᠨ  ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠲᠤᠷᠰᠢᠯᠲᠠ ᠶᠢᠨ  ᠴᠡᠭ ᠲᠤ ᠰᠣᠩᠭᠤᠭᠳᠠᠭᠰᠠᠨ ᠢᠶᠠᠷ ᠲᠣᠬᠢᠶᠠᠯ ᠪᠣᠯᠭᠠᠵᠤ᠂ ᠤᠯᠤᠰ ᠤᠨ ᠳᠣᠲᠣᠭᠠᠳᠤ ᠶᠢᠨ ᠨᠠᠷᠠᠲᠤ ᠲᠤᠰᠬᠠᠶ ᠮᠡᠷᠭᠡᠵᠢᠯ ᠤᠨ ᠪᠦᠯᠬᠦᠮ ᠢ ᠤᠷᠢᠵᠤ᠂ ᠷᠠᠰᠢᠶᠠᠨ ᠬᠤᠲᠠ ᠪᠠ ᠲᠦᠴᠢᠦᠸᠠᠨ ᠰᠢᠶᠠᠨ ᠤ ᠲᠤᠷᠰᠢᠯᠲᠠ ᠶᠢᠨ  ᠴᠡᠭ ᠲᠤ ᠣᠶ ᠰᠢᠭᠤᠶ ᠶᠢᠨ  ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠨᠡᠭᠡᠭᠡᠨ ᠬᠥᠭᠵᠢᠭᠦᠯᠦᠯᠲᠡ ᠶᠢ ᠡᠬᠢᠯᠡᠭᠦᠯᠪᠡ᠃ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠬᠤ ᠪᠠ ᠰᠠᠭᠤᠷᠢ ᠭᠠᠵᠠᠷ ᠤᠨ ᠪᠠᠶᠢᠴᠠᠭᠠᠯᠲᠠ ᠶᠢ ᠥᠷᠨᠢᠭᠦᠯᠬᠦ ᠪᠠᠷ ᠳᠡᠮᠵᠢᠨ᠂ ᠲᠦᠴᠢᠦᠸᠠᠨ ᠰᠢᠶᠠᠨ ᠤ ᠨᠡᠭᠡᠭᠡᠨ ᠬᠥᠭᠵᠢᠭᠦᠯᠵᠦ ᠪᠣᠯᠬᠤ ᠣᠶ ᠰᠢᠭᠤᠶ ᠶᠢᠨ  ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠲᠠᠯᠠᠪᠠᠶ 35 ᠲᠦᠮᠡᠨ ᠮᠥ ᠳᠤ ᠭᠦᠷᠦᠭᠰᠡᠨ ᠢ ᠢᠯᠡᠷᠡᠭᠦᠯᠪᠡ᠃ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠵᠠᠷᠴᠢᠮ ᠶᠣᠰᠣᠭᠠᠷ᠂ ᠲᠦᠴᠢᠦᠸᠠᠨ ᠰᠢᠶᠠᠨ ᠤ ᠬᠢᠨ ᠡᠭᠦᠨ ᠤ ᠳᠣᠲᠣᠷ᠎ᠠ ᠠᠴᠠ 6000 ᠮᠥ ᠲᠠᠷᠢᠮᠠᠯ ᠣᠶ ᠰᠣᠩᠭᠤᠨ ᠲᠤᠷᠰᠢᠯᠲᠠ ᠬᠢᠵᠦ᠂ 5 ᠵᠢᠯ ᠢᠶᠠᠷ ᠨᠢᠭᠡ ᠬᠢᠨᠠᠨ ᠬᠡᠮᠵᠢᠬᠦ ᠦᠶᠡᠯᠡᠯ ᠪᠣᠯᠭᠠᠵᠤ᠂ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠲᠠᠢ ᠭᠡᠷ᠎ᠡ ᠲᠣᠭᠲᠠᠵᠤ᠂ ᠲᠥᠷᠥᠯ  ᠵᠦᠢᠯ ᠤᠨ ᠭᠤᠪᠢᠭᠤᠯᠭ᠎ᠠ ᠨᠡᠮᠡᠭᠳᠡᠭᠦᠯᠬᠦ ᠬᠡᠮᠵᠢᠶ᠎ᠡ ᠶᠢ 100 ᠲᠦᠮᠡᠨ ᠲᠥᠭᠦᠷᠢᠭ ᠢᠶᠠᠷ ᠤᠷᠢᠳᠴᠢᠯᠠᠨ ᠵᠢᠱᠢᠵᠡᠶ᠃    ᠲᠦᠴᠢᠦᠸᠠᠨ ᠰᠢᠶᠠᠨ ᠪᠣᠯᠤᠨ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠠᠷᠠᠯᠵᠢᠶᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠪᠦᠬᠦ ᠠᠶᠢᠮᠠᠭ ᠤᠨ ᠤᠢ ᠰᠢᠭᠤᠢ  ᠨᠤᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠠᠷᠠᠯᠵᠢᠶᠠᠨ ᠤ ᠲᠠᠯ᠎ᠠ ᠪᠠᠷ ᠬᠢ ᠰᠢᠪᠲᠤᠯᠤᠯᠲᠠ ᠶᠢ ᠪᠡᠶᠡᠯᠡᠭᠦᠯᠵᠡᠢ᠃ ᠳᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠬᠢᠨ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠷᠭᠦᠯᠵᠢᠯᠡᠨ  ᠲᠤᠭᠤᠰᠢᠯᠠᠭᠤᠯᠤᠨ‌ᠨᠠᠶᠢᠳᠠᠪᠤᠷᠢᠵᠢᠭᠤᠯᠵᠤ᠂ ︽ᠬᠤᠶᠠᠷ ᠠᠭᠤᠯᠠ︾ ᠶᠢᠨ ᠤᠨᠤᠯ ᠢ ᠢᠳᠡᠪᠬᠢᠲᠡᠢ ᠦᠢᠯᠡᠳᠦᠯᠭᠡᠵᠢᠭᠦᠯᠵᠦ᠂ ᠲᠦᠴᠢᠦᠸᠠᠨ ᠰᠢᠶᠠᠨ ᠪᠣᠯᠤᠨ ᠷᠠᠰᠢᠶᠠᠨ ᠬᠤᠳᠠ ᠶᠢᠨ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠴᠤ ᠨᠡᠭᠡᠭᠡᠨ ᠬᠥᠭᠵᠢᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃ ᠡᠭᠦᠨ ᠤ ᠵᠡᠷᠭᠡᠪᠡᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠵᠠᠯᠠᠶᠢᠳ ᠬᠤᠰᠢᠭᠤᠨ ᠤ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠨᠡᠭᠡᠭᠡᠨ ᠬᠥᠭᠵᠢᠭᠦᠯᠦᠯᠲᠡ ᠶᠢ ᠱᠠᠯᠠᠪᠳᠠᠨ ᠡᠬᠢᠯᠡᠭᠦᠯᠵᠦ᠂ ᠪᠡᠭᠡᠵᠢᠩ ᠤᠨ ᠨᠣᠭᠤᠭᠠᠨ ᠦᠩᠭᠡ ᠶᠢᠨ ᠠᠷᠠᠯᠵᠢᠶᠠᠨ ᠤ ᠭᠠᠵᠠᠷ ᠵᠡᠷᠭᠡ ᠡᠷᠬᠡ ᠰᠦᠷᠲᠦ ᠪᠠᠶᠢᠭᠤᠯᠤᠮᠵᠢ ᠲᠠᠢ ᠬᠠᠮᠲᠤᠷᠠᠯᠴᠠᠵᠤ᠂ ᠪᠦᠬᠦ ᠠᠶᠢᠮᠠᠭ ᠤᠨ ᠬᠡᠪᠴᠢᠶᠡᠨ ᠳᠤ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠬᠡᠯᠪᠡᠷᠢ ᠨᠢ ᠤᠯᠠᠨ ᠶᠠᠩᠵᠤ ᠶᠢᠨ᠂ ᠬᠠᠮᠢᠶᠠᠷᠤᠯᠲᠠ ᠨᠢ ᠵᠢᠷᠤᠮᠵᠢᠭᠰᠠᠨ ᠤᠢ ᠰᠢᠭᠤᠢ  ᠨᠤᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠨᠡᠭᠡᠭᠡᠨ ᠬᠥᠭᠵᠢᠭᠦᠯᠦᠯᠲᠡ ᠶᠢᠨ ᠪᠠᠶᠢᠷᠢᠰᠢᠯ ᠢ ᠪᠠᠶᠢᠭᠤᠯᠵᠤ᠂ ᠬᠢᠩᠭᠠᠨ ᠠᠶᠢᠮᠠᠭ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号