| ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ︹ 2022 ︺ 63 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠳᠦᠭᠡ ︽ᠬᠢᠩᠭᠠᠨ ᠠᠶᠢᠮᠠᠭ ᠤᠨ 2023 ᠣᠨ ᠤ ᠴᠢᠬᠤᠯᠠ | ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ︾ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ | ᠠᠵᠢᠯᠯᠠᠭ᠎ᠠ ᠶᠢᠨ ︽ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠲᠦᠭᠡᠶ᠃ | 2022 ᠣᠨ ᠤ 11 ᠰᠠᠷ᠎ᠠ ᠶᠢᠨ 28 ᠤᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠢᠩᠭᠠᠨ ᠠᠶᠢᠮᠠᠭ ᠤᠨ 2023 ᠣᠨ ᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ ︽ | ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ ︾ ᠶᠢ ᠬᠡᠷᠡᠭᠵᠢᠭᠦᠯᠬᠦ ᠲᠥᠰᠦᠯ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾ ᠶᠢᠨ ᠠᠵᠢᠯ ᠢ | ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ | ᠠᠬᠢᠴᠠ ᠶᠢ ᠲᠦᠷᠭᠡᠳᠬᠡᠬᠦ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠡᠭᠦᠷᠭᠡ ᠬᠠᠷᠠᠯᠲᠠ | 2023 ᠣᠨ ᠳᠤ ᠬᠡᠷᠡᠭᠵᠢᠭᠦᠯᠬᠦ ᠪᠠᠷ ᠲᠣᠭᠲᠠᠭᠠᠭᠰᠠᠨ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ | ᠪᠠᠯᠠ ᠣᠷᠣᠭᠤᠯᠤᠯᠲᠠ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠵᠦ᠂ 2023 | ᠣᠨ ᠳᠤ ᠰᠢᠨ᠎ᠡ ᠪᠠᠷ ᠠᠵᠢᠯ ᠡᠬᠢᠯᠡᠭᠦᠯᠬᠦ ᠪᠠᠷ ᠲᠥᠯᠥᠪᠯᠡᠭᠰᠡᠨ ᠴᠢᠬᠤᠯᠠ ᠶᠡᠭᠡ ᠲᠥᠷᠥᠯ ᠵᠦᠢᠯ ᠤᠨ 3 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠭᠤᠤᠯ ᠪᠣᠯᠬᠤ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠵᠦ᠂ ᠠᠵᠢᠯ | ᠡᠬᠢᠯᠡᠭᠦᠯᠬᠦ ᠨᠥᠬᠦᠴᠡᠯ ᠢ ᠪᠦᠷᠢᠳᠦᠭᠦᠯᠬᠦ ᠶᠢ ᠦᠨᠡᠨᠬᠦ ᠪᠠᠲᠤᠯᠠᠨ᠎ᠠ᠃ | ᠬᠤᠶᠠᠷ᠂ ᠬᠢᠨᠠᠨ ᠵᠥᠪᠰᠢᠶᠡᠷᠡᠭᠰᠡᠨ ᠴᠠᠭ | ᠨᠢᠭᠡᠳᠦᠭᠡᠷ ᠪᠦᠯᠦᠭ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠨᠢ 2022 ᠣᠨ ᠤ 12 ᠰᠠᠷ᠎ᠠ ᠶᠢᠨ | 1 ᠤ ᠡᠳᠦᠷ ᠠᠴᠠ 2022 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ︔ ᠬᠤᠶᠠᠳᠤᠭᠠᠷ ᠪᠦᠯᠦᠭ ᠤᠨ | ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠨᠢ 2023 ᠣᠨ ᠤ 1 ᠰᠠᠷ᠎ᠠ ᠶᠢᠨ 1 ᠤ ᠡᠳᠦᠷ ᠠᠴᠠ 2023 | ᠣᠨ ᠤ 1 ᠰᠠᠷ᠎ᠠ ᠶᠢᠨ 15 ᠤ ᠡᠳᠦᠷ ᠪᠣᠯᠲᠠᠯ᠎ᠠ︔ ᠭᠤᠷᠪᠠᠳᠤᠭᠠᠷ ᠪᠦᠯᠦᠭ ᠤᠨ ᠲᠥᠪᠯᠡᠷᠡᠭᠦᠯᠦᠨ ᠬᠢᠨᠠᠨ | ᠵᠥᠪᠰᠢᠶᠡᠷᠡᠬᠦ ᠴᠠᠭ ᠨᠢ 2023 ᠣᠨ ᠤ 2 ᠰᠠᠷ᠎ᠠ ᠶᠢᠨ 6 ᠤ ᠡᠳᠦᠷ ᠠᠴᠠ 2023 ᠣᠨ ᠤ 2 ᠰᠠᠷ᠎ᠠ ᠶᠢᠨ | 20 ᠤ ᠡᠳᠦᠷ ᠪᠣᠯᠲᠠᠯ᠎ᠠ ᠪᠣᠯᠤᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ | ᠴᠠᠭ ᠢ ᠨᠢᠭᠡᠳᠦᠯᠲᠡᠶ ᠪᠠᠶᠢᠯᠭᠠᠨ᠎ᠠ᠃ | ᠭᠤᠷᠪᠠ᠂ ᠬᠠᠷᠢᠭᠤᠴᠠᠯᠭ᠎ᠠ ᠲᠠᠢ ᠭᠠᠵᠠᠷ ᠣᠷᠣᠨ ᠪᠠ ᠰᠠᠯᠠᠭ᠎ᠠ ᠮᠥᠴᠢᠷ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ ᠵᠢᠴᠢ ᠠᠶᠢᠮᠠᠭ ᠤᠨ ᠰᠢᠭᠤᠳ ᠬᠠᠷᠢᠶ᠎ᠠ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ᠃ ᠡᠯ᠎ᠡ ᠬᠠᠷᠢᠭᠤᠴᠠᠯᠭ᠎ᠠ ᠲᠠᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠡᠮᠦᠨᠡᠬᠢ | ᠬᠤᠭᠤᠴᠠᠭᠠᠨ ᠤ ᠭᠠᠷᠳᠠᠮ ᠤᠨ ᠠᠬᠢᠴᠠ ᠶᠢ ᠪᠥᠬᠦ ᠶᠠᠪᠤᠴᠠ ᠪᠠᠷ ᠬᠠᠷᠢᠭᠤᠴᠠᠨ ᠠᠬᠢᠭᠤᠯᠬᠤ ᠬᠡᠷᠡᠭᠲᠡᠶ᠃ | ᠳᠥᠷᠪᠡ᠂ ᠬᠢᠨᠠᠨ ᠵᠥᠪᠰᠢᠶᠡᠷᠡᠬᠦ ᠪᠠᠶᠢᠭᠤᠯᠭ᠎ᠠ | ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶ᠋ᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠴᠠᠭ | ᠠᠭᠤᠷ ᠤᠨ ᠲᠣᠪᠴᠢᠶ᠎ᠠ︔ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ | ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ᠃ | ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠡᠮᠬᠢᠯᠡᠨ ᠪᠠᠶᠢᠴᠠᠭᠠᠬᠤ ᠱᠠᠲᠤ ᠦᠶ᠎ᠡ᠃ 2022 ᠣᠨ ᠤ 12 ᠰᠠᠷ᠎ᠠ ᠶᠢᠨ 1 ᠤ ᠡᠳᠦᠷ ᠠᠴᠠ | 2022 ᠣᠨ ᠤ 12 ᠰᠠᠷ᠎ᠠ ᠶᠢᠨ 5 ᠤ ᠡᠳᠦᠷ ᠪᠣᠯᠲᠠᠯ᠎ᠠ᠂ 2023 ᠣᠨ ᠤ 1 ᠰᠠᠷ᠎ᠠ ᠶᠢᠨ 1 ᠤ ᠡᠳᠦᠷ ᠠᠴᠠ 1 | ᠰᠠᠷ᠎ᠠ ᠶᠢᠨ 5 ᠤ ᠡᠳᠦᠷ ᠪᠣᠯᠲᠠᠯ᠎ᠠ᠂ 2023 ᠣᠨ ᠤ 2 ᠰᠠᠷ᠎ᠠ ᠶᠢᠨ 6 ᠤ ᠡᠳᠦᠷ ᠠᠴᠠ 2023 ᠣᠨ ᠤ 2 | ᠰᠠᠷ᠎ᠠ ᠶᠢᠨ 10 ᠤ ᠡᠳᠦᠷ ᠪᠣᠯᠲᠠᠯ᠎ᠠ᠂ ᠭᠤᠷᠪᠠ ᠤᠳᠠᠭ᠎ᠠ ᠬᠤᠪᠢᠶᠠᠨ ᠡᠮᠬᠢᠯᠡᠨ᠎ᠠ᠃ ᠡᠯ᠎ᠡ ᠬᠤᠰᠢᠭᠤ ᠰᠢᠶᠠᠨ ᠬᠤᠲᠠ | ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠲᠠᠷᠢᠶᠠᠯᠠᠩ ᠤᠨ ᠠᠲᠠᠷ | ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ | ᠰᠠᠨᠠᠭᠠᠴᠢᠯᠠᠭ᠎ᠠ ᠠᠴᠠ ᠪᠠᠨ ︽ᠡᠪᠦᠯ ᠤᠨ ᠨᠥᠭᠡᠴᠡᠯᠡᠯᠲᠡ︾ ᠶᠢᠨ ᠱᠠᠲᠤ ᠦᠶ᠎ᠡ ᠶᠢᠨ ᠲᠥᠰᠦᠪᠯᠡᠨ ᠨᠥᠭᠡᠴᠡᠯᠡᠬᠦ | ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠤᠨ ᠭᠦᠢᠴᠡᠳᠬᠡᠬᠦ ᠵᠦᠢᠯᠡᠰ ᠢ ᠮᠡᠳᠡᠭᠦᠯᠦᠨ | ᠬᠦᠷᠭᠡᠵᠦ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ 2023 ᠣᠨ ᠤ ᠲᠥᠯᠥᠪᠯᠡᠭᠡ ᠶᠢ | ᠬᠡᠷᠡᠭᠵᠢᠭᠦᠯᠬᠦ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ | ᠨᠠᠷᠢᠨ ᠳᠠᠩᠰᠠ ᠶᠢ ᠬᠤᠷᠢᠶᠠᠩᠭᠤᠶᠢᠯᠠᠨ ᠪᠦᠷᠢᠯᠳᠦᠭᠦᠯᠵᠦ᠂ ᠡᠭᠦᠨ ᠤ ᠬᠠᠮᠲᠤ ᠲᠣᠰ ᠨᠠᠷᠢᠨ ᠲᠠᠩᠰᠠ ᠶᠢ ᠡᠯ᠎ᠡ | ᠬᠤᠰᠢᠭᠤ ᠰᠢᠶᠠᠨ ᠬᠤᠲᠠ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠲᠠᠷ | ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠪᠣᠯᠤᠨ ᠠᠶᠢᠮᠠᠭ ᠤᠨ ᠰᠢᠭᠤᠳ ᠬᠠᠷᠢᠶ᠎ᠠ ᠡᠯ᠎ᠡ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠲᠤ ᠵᠡᠷᠭᠡ ᠳᠤᠨᠢ ᠬᠦᠷᠭᠡᠵᠦ ᠤᠷᠢᠳᠴᠢᠯᠠᠨ ᠬᠢᠨᠠᠭᠤᠯᠤᠨ᠎ᠠ᠃ ᠬᠠᠷᠢᠭᠤᠴᠠᠯᠭ᠎ᠠ ᠶᠢᠨ | ᠭᠠᠵᠠᠷ ᠣᠷᠣᠨ ᠪᠣᠯᠤᠨ ᠰᠠᠯᠠᠭ᠎ᠠ ᠮᠥᠴᠢᠷ ᠵᠢᠴᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ | ᠵᠣᠯᠭᠠᠭᠤᠯᠤᠨ ᠨᠡᠪᠲᠡᠷᠡᠯᠴᠡᠵᠦ᠂ ᠨᠠᠷᠢᠨ ᠬᠠᠭᠤᠳᠠᠰᠤ ᠶᠢᠨ ᠳᠣᠲᠣᠷᠠᠬᠢ ᠴᠢᠬᠤᠯᠠ ᠶᠡᠭᠡ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠲᠠᠰ ᠳᠠᠪᠬᠤᠷᠭ᠎ᠠ᠂ ᠬᠢᠨᠠᠨ ᠵᠥᠪᠰᠢᠶᠡᠷᠡᠬᠦ ᠵᠦᠢᠯᠡᠰ ᠵᠡᠷᠭᠡ ᠠᠭᠤᠯᠭ᠎ᠠ ᠶᠢ ᠨᠢᠭᠡᠳ ᠨᠢᠭᠡ ᠪᠠᠷ | ᠲᠣᠳᠣᠷᠬᠠᠶᠢᠯᠠᠬᠤ ᠶᠢᠨ ᠬᠠᠮᠲᠤ᠂ ᠲᠣᠳᠣᠷᠬᠠᠶᠢᠯᠠᠭᠰᠠᠨ ᠤ ᠳᠠᠷᠠᠭᠠᠬᠢ ᠨᠠᠷᠢᠨ ᠬᠠᠭᠤᠳᠠᠰᠤ ᠶᠢ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠠᠷᠢᠭᠤ ᠲᠤᠰᠬᠠᠵᠤ᠂ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠡᠮᠬᠢᠯᠡᠨ ᠨᠠᠷᠢᠯᠢᠬᠵᠢᠭᠤᠯᠵᠤ ᠪᠠᠶᠢᠭᠠᠳ ᠠᠶᠢᠮᠠᠭ ᠤᠨ ᠲᠣᠰ ᠱᠠᠲᠤᠨ ᠤ ᠬᠢᠨᠠᠨ | ᠵᠥᠪᠰᠢᠶᠡᠷᠡᠬᠦ ᠵᠦᠢᠯᠡᠰ᠂ ᠬᠤᠰᠢᠭᠤ ᠰᠢᠶᠠᠨ ᠬᠤᠲᠠ ᠶᠢᠨ ᠬᠢᠨᠠᠨ ᠵᠥᠪᠰᠢᠶᠡᠷᠡᠬᠦ ᠵᠦᠢᠯᠡᠰ᠂ ᠲᠣᠨᠣᠭᠯᠠᠭᠠᠰᠤ ᠶᠢ | ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠬᠢᠨᠠᠨ ᠵᠥᠪᠰᠢᠶᠡᠷᠡᠬᠦ ᠵᠦᠢᠯᠡᠰ ᠵᠡᠷᠭᠡ ᠳᠤ ᠮᠡᠳᠡᠭᠦᠯᠬᠦ ᠨᠠᠷᠢᠨ | ᠬᠠᠭᠤᠳᠠᠰᠤ ᠶᠢ ᠪᠣᠶ ᠪᠣᠯᠭᠠᠨ᠎ᠠ᠃ | ︵ᠬᠤᠶᠠᠷ︶ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤ ᠦᠶ᠎ᠡ᠃ 2022 ᠣᠨ ᠤ 12 ᠰᠠᠷ᠎ᠠ ᠶᠢᠨ 6 ᠤ | ᠡᠳᠦᠷ ᠠᠴᠠ 2022 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ᠂ 2023 ᠣᠨ ᠤ 1 ᠰᠠᠷ᠎ᠠ ᠶᠢᠨ 6 ᠤ | ᠡᠳᠦᠷ ᠠᠴᠠ 15 ᠤ ᠡᠳᠦᠷ ᠪᠣᠯᠲᠠᠯ᠎ᠠ᠂ 2023 ᠣᠨ ᠤ 2 ᠰᠠᠷ᠎ᠠ ᠶᠢᠨ 11 ᠤ ᠡᠳᠦᠷ ᠠᠴᠠ 20 ᠤ ᠡᠳᠦᠷ | ᠪᠣᠯᠲᠠᠯ᠎ᠠ᠂ ᠭᠤᠷᠪᠠ ᠤᠳᠠᠭ᠎ᠠ ᠬᠤᠪᠢᠶᠠᠨ ᠲᠥᠪᠯᠡᠷᠡᠭᠦᠯᠦᠨ ᠬᠢᠨᠠᠨ ᠵᠥᠪᠰᠢᠶᠡᠷᠡᠨ᠎ᠡ᠃ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭ᠎ᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠠᠴᠠ ᠨᠢᠭᠡᠨᠲᠡ ᠪᠣᠶ ᠪᠣᠯᠤᠭᠰᠠᠨ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠲᠠᠩᠰᠠ ᠶᠢ ᠬᠡᠷᠡᠭ | ᠶᠠᠪᠤᠳᠠᠯ ᠤᠨ ᠡᠷᠬᠡ ᠶᠢᠨ ᠬᠡᠪᠴᠢᠶ᠎ᠡ ᠶᠢ ᠦᠨᠳᠦᠰᠦᠯᠡᠨ ᠬᠦᠷᠭᠡᠨ ᠥᠭᠭᠦᠨ᠎ᠡ᠃ ᠠᠶᠢᠮᠠᠭ ᠬᠤᠰᠢᠭᠤ ᠬᠤᠶᠠᠷ | ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠡᠷᠬᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢᠨ | ᠶᠣᠰᠣᠭᠠᠷ ᠨᠠᠷᠢᠨ ᠬᠠᠭᠤᠳᠠᠰᠤ ᠶᠢᠨ ᠳᠣᠲᠣᠷᠠᠬᠢ ᠭᠦᠢᠴᠡᠳᠭᠡᠬᠦ ᠴᠢᠬᠤᠯᠠᠲᠠᠶ ᠵᠦᠢᠯᠡᠰ ᠢ ᠵᠡᠷᠭᠡᠪᠡᠷ ᠲᠥᠪᠯᠡᠷᠡᠭᠦᠯᠦᠨ | ᠬᠢᠨᠠᠨ ᠵᠥᠪᠰᠢᠶᠡᠷᠡᠵᠦ᠂ ᠴᠢᠬᠤᠯᠠ ᠨᠥᠬᠦᠴᠡᠯ ᠨᠢ ᠪᠦᠷᠢᠨ ᠭᠦᠢᠴᠡᠳ ᠴᠢᠬᠤᠯᠠ ᠶᠡᠭᠡ ᠲᠥᠷᠥᠯ ᠵᠦᠢᠯ ᠢ | ᠲᠣᠭᠲᠠᠭᠠᠭᠰᠠᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢᠨ ᠳᠣᠲᠣᠷ᠎ᠠ ᠪᠦᠬᠦᠨ ᠢ ᠬᠢᠨᠠᠨ | ᠵᠥᠪᠰᠢᠶᠡᠷᠡᠵᠦ ᠭᠦᠢᠴᠡᠳᠭᠡᠨ᠎ᠡ︔ ᠴᠢᠬᠤᠯᠠ ᠨᠥᠬᠦᠴᠡᠯ ᠨᠢ ᠪᠦᠷᠢᠨ ᠪᠤᠰᠤ ᠲᠥᠷᠥᠯ ᠵᠦᠢᠯ ᠳᠤ ᠪᠣᠯ᠂ ᠬᠢᠨᠠᠨ | ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠠᠶᠢᠮᠠᠭ ᠤᠨ ᠰᠢᠭᠤᠳ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠪᠠ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠰᠢᠮᠳᠠᠭᠤᠯᠤᠨ ᠬᠠᠪᠰᠤᠷᠴᠤ | ᠪᠠᠶᠢᠭᠠᠳ ᠴᠢᠬᠤᠯᠠ ᠨᠥᠬᠦᠴᠡᠯ ᠢ ᠴᠠᠭ ᠲᠤᠬᠠᠶ ᠳᠤᠨᠢ ᠪᠦᠷᠢᠳᠦᠭᠦᠯᠦᠨ᠎ᠡ᠃ ᠨᠢᠭᠡᠳᠦᠭᠡᠷ ᠤᠳᠠᠭ᠎ᠠ ᠲᠥᠪᠯᠡᠷᠡᠭᠦᠯᠦᠨ | ᠬᠢᠨᠠᠨ ᠵᠥᠪᠰᠢᠶᠡᠷᠡᠬᠦ ᠱᠠᠲᠤ ᠦᠶ᠎ᠡ ᠳᠤ᠂ ᠠᠶᠢᠮᠠᠭ ᠬᠤᠰᠢᠭᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠨᠢ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠬᠠᠭᠤᠳᠠᠰᠤ ᠶᠢᠨ ᠳᠣᠲᠣᠷᠠᠬᠢ ᠭᠠᠭᠴᠠ ᠴᠢᠬᠤᠯᠠ ᠶᠡᠭᠡ | ᠲᠥᠷᠥᠯ ᠵᠦᠢᠯ ᠤᠨ ︽ ᠭᠦᠢᠴᠡᠳᠭᠡᠪᠡᠰᠦ ᠵᠣᠬᠢᠬᠤ ᠡᠰᠡ ᠭᠦᠢᠴᠡᠳᠭᠡᠭᠰᠡᠨ︾ ᠬᠢᠨᠠᠨ ᠵᠥᠪᠰᠢᠶᠡᠷᠡᠬᠦ ᠵᠦᠢᠯᠡᠰ ᠢ | ᠭᠦᠢᠴᠡᠳᠭᠡᠵᠦ ᠳᠠᠭᠤᠰᠬᠠᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ︔ ᠬᠤᠶᠠᠳᠤᠭᠠᠷ | ᠤᠳᠠᠭᠠᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤᠨ ᠳᠤ᠂ ᠭᠠᠭᠴᠠ ᠴᠢᠬᠤᠯᠠ ᠶᠡᠭᠡ ᠲᠥᠷᠥᠯ ᠵᠦᠢᠯ ᠤᠨ ︽ | ᠭᠦᠢᠴᠡᠳᠭᠡᠬᠦ ᠶᠣᠰᠣᠲᠠᠶ ᠪᠠᠶᠢᠲᠠᠯ᠎ᠠ ᠭᠦᠢᠴᠡᠳᠭᠡᠭᠰᠡᠨ ᠥᠬᠡᠶ︾ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠵᠦ | ᠳᠠᠭᠤᠰᠬᠠᠭᠰᠠᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ︔ ᠬᠢᠨᠠᠨ ᠵᠥᠪᠰᠢᠶᠡᠷᠡᠬᠦ ᠵᠦᠢᠯᠡᠰ ᠢ | ᠭᠦᠢᠴᠡᠳᠭᠡᠵᠦ ᠳᠠᠭᠤᠰᠬᠠᠭᠠᠳᠤᠶ ᠪᠠᠶᠢᠪᠠᠯ᠂ ᠭᠤᠷᠪᠠᠳᠤᠭᠠᠷ ᠤᠳᠠᠭᠠᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ | ᠱᠠᠲᠤᠨ ᠳᠤ ᠡᠮᠦᠨᠡᠬᠢ ᠬᠤᠭᠤᠴᠠᠭᠠᠨ ᠤ ᠭᠤᠤᠯ ᠭᠠᠷᠳᠠᠮ ᠢ ᠪᠦᠬᠦᠨ ᠢ ᠭᠦᠢᠴᠡᠳᠭᠡᠵᠦ᠂ ᠠᠵᠢᠯ ᠡᠬᠢᠯᠡᠭᠦᠯᠬᠦ | ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ︔ ᠡᠷᠬᠡ ᠬᠠᠷᠢᠭᠤᠴᠠᠯᠭ᠎ᠠ ᠨᠢ ᠤᠯᠤᠰ ᠪᠤᠶᠤ ᠥᠪᠡᠷᠲᠡᠭᠡᠨ | ᠵᠠᠰᠠᠬᠤ ᠣᠷᠣᠨ ᠳᠤ ᠪᠠᠶᠢᠪᠠᠯ᠂ ᠬᠢᠨᠠᠨ ᠵᠥᠪᠰᠢᠶᠡᠷᠡᠬᠦ ᠪᠦᠯᠦᠭᠯᠡᠯ ᠤᠨ ᠵᠦᠢᠯᠡᠰ ᠲᠤ ᠬᠤᠯᠪᠣᠭᠳᠠᠬᠤ ᠠᠶᠢᠮᠠᠭ ᠤᠨ | ᠰᠢᠭᠤᠳ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠤᠰᠢᠭᠤ ᠰᠢᠶᠠᠨ ᠬᠤᠲᠠ ᠶᠢᠨ ᠠᠵᠢᠯ ᠲᠥᠷᠥᠯ ᠤᠨ | ᠰᠢᠰᠲ᠋ᠧᠮᠵᠢᠭᠰᠡᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠬᠠᠮᠵᠢᠨ ᠬᠠᠮᠤᠭ ᠤᠨ ᠣᠬᠤᠷ ᠬᠤᠭᠤᠴᠠᠭᠠᠨ ᠤ | ᠳᠣᠲᠣᠷ᠎ᠠ ᠪᠦᠯᠦᠭᠯᠡᠯ ᠢ ᠨᠢ ᠪᠡᠶᠡᠯᠡᠭᠦᠯᠵᠦ᠂ ᠪᠦᠯᠦᠭᠯᠡᠯ ᠢ ᠨᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠲᠢᠩᠬᠢᠮ ᠲᠣᠪᠴᠢᠶ᠎ᠠ ᠳᠤ ᠬᠠᠮᠤᠭ ᠤᠨ ᠲᠡᠷᠢᠭᠦᠨ ᠳᠤ ᠳᠡᠭᠡᠭᠰᠢ ᠮᠡᠳᠡᠭᠦᠯᠬᠦ ᠶᠢᠨ ᠬᠠᠮᠲᠤ᠂ ᠲᠤᠰᠬᠠᠶ ᠬᠥᠮᠦᠨ | ᠲᠣᠮᠢᠯᠠᠨ ᠭᠦᠢᠴᠡᠳᠭᠡᠬᠦ ᠠᠬᠢᠴᠠ ᠶᠢ ᠠᠩᠬᠠᠷᠴᠤ᠂ ᠠᠵᠢᠯ ᠡᠬᠢᠯᠡᠭᠦᠯᠬᠦ ᠠᠴᠠ ᠡᠮᠦᠨ᠎ᠡ ᠬᠢᠨᠠᠨ ᠵᠥᠪᠰᠢᠶᠡᠷᠡᠬᠦ ᠶᠢ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ︽ᠡᠷᠭᠢᠵᠦ ᠬᠠᠷᠠᠬᠤ︾ ᠱᠠᠲᠤ ᠦᠶ᠎ᠡ᠃ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠡᠩ ᠤᠨ | ᠦᠶ᠎ᠡ ᠶᠢᠨ ᠬᠢᠨᠠᠨ ᠵᠥᠪᠰᠢᠶᠡᠷᠡᠬᠦ ᠯᠦᠭᠡ ᠬᠠᠷᠢᠯᠴᠠᠨ ᠤᠶᠠᠯᠳᠤᠭᠤᠯᠵᠤ᠂ ᠠᠶᠢᠮᠠᠭ ᠤᠨ ᠰᠢᠭᠤᠳ ᠬᠠᠷᠢᠶ᠎ᠠ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠪᠣᠯᠤᠨ ᠬᠤᠰᠢᠭᠤ ᠰᠢᠶᠠᠨ ᠬᠤᠲᠠ ᠨᠢ ᠤᠳᠠᠭ᠎ᠠ ᠪᠦᠷᠢ ᠶᠢᠨ ︽ᠲᠥᠪᠯᠡᠷᠡᠭᠦᠯᠦᠨ | ᠬᠢᠨᠠᠨ ᠵᠥᠪᠰᠢᠶᠡᠷᠡᠬᠦ ᠠᠵᠢᠯᠯᠠᠭ᠎ᠠ︾ ᠳᠠᠭᠤᠰᠤᠭᠰᠠᠨ ᠤ ᠳᠠᠷᠠᠭ᠎ᠠ᠂ ᠴᠥᠮ ︽ᠡᠷᠭᠢᠵᠦ ᠦᠵᠡᠬᠦ︾ ᠴᠢᠬᠤᠯᠠᠲᠠᠶ | ᠪᠠᠶᠢᠵᠤ᠂ ᠲᠣᠭᠲᠠᠭᠠᠭᠰᠠᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢᠨ ᠳᠣᠲᠣᠷ᠎ᠠ᠂ ᠣᠨᠴᠣᠭᠤᠶ ᠪᠠᠶᠢᠳᠠᠯ ᠠᠴᠠ | ᠪᠣᠯᠵᠣ ᠭᠦᠢᠴᠡᠳᠭᠡᠵᠦ ᠳᠠᠭᠤᠰᠬᠠᠬᠤ ᠶᠢᠨ ᠠᠷᠭ᠎ᠠ ᠥᠬᠡᠶ ᠵᠦᠢᠯᠡᠰ ᠢ ᠨᠢᠭᠡᠳ ᠨᠢᠭᠡ ᠪᠠᠷ ᠵᠠᠳᠠᠯᠤᠨ ᠰᠤᠳᠤᠯᠤᠨ | ᠮᠠᠭᠠᠳᠯᠠᠵᠤ᠂ ᠠᠰᠠᠭᠤᠳᠠᠯ ᠤᠨ ᠵᠠᠩᠭᠢᠯᠠᠭ᠎ᠠ ᠶᠢ ᠡᠷᠢᠨ ᠭᠠᠷᠭᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ | ᠂ ᠳᠠᠷᠤᠶ ᠲᠦᠷᠭᠡᠨ ᠭᠦᠢᠴᠡᠳᠭᠡᠵᠦ ᠳᠠᠭᠤᠰᠬᠠᠬᠤ ᠬᠡᠷᠡᠭᠲᠡᠶ᠃ ᠤᠳᠠᠭ᠎ᠠ ᠪᠦᠷᠢ ᠶᠢᠨ ︽ᠲᠥᠪᠯᠡᠷᠡᠭᠦᠯᠦᠨ ᠬᠢᠨᠠᠨ | ᠵᠥᠪᠰᠢᠶᠡᠷᠡᠬᠦ ᠠᠵᠢᠯᠯᠠᠭ᠎ᠠ︾ ᠶᠢᠨ ᠬᠤᠭᠤᠴᠠᠭᠠᠨ ᠳᠠᠬᠢ ᠴᠢᠬᠤᠯᠠ ᠶᠡᠭᠡ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠪᠠ ᠲᠣᠨᠣᠭᠯᠠᠯ ᠤᠨ ᠠᠬᠢᠴᠠ ᠶᠢᠨ ᠪᠠᠶᠢᠳᠠᠯ ᠢ ᠠᠶᠢᠮᠠᠭ ᠬᠤᠰᠢᠭᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠤᠳ ᠡᠳᠦᠷ ᠤᠨ ᠮᠡᠳᠡᠭᠦᠯᠦᠯᠲᠡ ᠬᠢᠵᠦ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ | ᠡᠳᠦᠷ ᠤᠨ ᠲᠣᠬᠢᠷᠠᠭᠤᠯᠤᠯᠲᠠ᠂ ᠡᠳᠦᠷ ᠤᠨ ᠨᠡᠪᠲᠡᠷᠡᠭᠦᠯᠭᠡ ᠬᠢᠬᠦ ᠶᠢᠨ ᠬᠠᠮᠲᠤ ᠲᠥᠪᠯᠡᠷᠡᠭᠦᠯᠦᠨ ᠬᠢᠨᠠᠨ ᠵᠥᠪᠰᠢᠶᠡᠷᠡᠬᠦ | ᠡᠯ᠎ᠡ ᠱᠠᠲᠤ ᠦᠶ᠎ᠡ ᠶᠢᠨ ᠪᠡᠶᠡᠯᠡᠭᠦᠯᠦᠭᠰᠡᠨ ᠪᠠᠶᠢᠳᠠᠯ ᠤᠨ ᠶᠡᠷᠦᠩᠬᠡᠶ ᠮᠡᠳᠡᠭᠦᠯᠦᠯᠲᠡ ᠶᠢ ᠪᠦᠷᠢᠯᠳᠦᠭᠦᠯᠦᠨ ᠠᠶᠢᠮᠠᠭ | ᠵᠠᠬᠢᠷᠭ᠎ᠠ ᠳᠤ ᠮᠡᠳᠡᠭᠦᠯᠬᠦ ᠬᠡᠷᠡᠭᠲᠡᠶ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠢᠩᠭᠠᠨ ᠠᠶᠢᠮᠠᠭ ᠤᠨ | ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢ ᠠᠬᠢᠭᠤᠯᠬᠤ | ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠬᠢᠷᠭ᠎ᠠ ᠶᠢᠨ ᠭᠤᠤᠯ ᠤᠳᠤᠷᠢᠳᠤᠯᠭ᠎ᠠ ᠨᠢ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠵᠠᠬᠢᠷᠭ᠎ᠠ ᠶᠢᠨ ᠡᠯ᠎ᠡ ᠬᠤᠪᠢᠳᠠᠨ ᠬᠠᠮᠢᠶᠠᠷᠴᠤ ᠪᠥᠬᠦᠶ ᠠᠶᠢᠮᠠᠭ ᠤᠨ ᠳᠡᠳ᠋ | ᠳᠠᠷᠤᠭ᠎ᠠ ᠨᠢ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠶᠢᠮᠠᠭ ᠤᠨ ᠰᠢᠭᠤᠳ ᠬᠠᠷᠢᠶ᠎ᠠ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠭᠤᠤᠯ | ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ | ᠵᠠᠬᠢᠷᠭ᠎ᠠ ᠶᠢᠨ ᠠᠯᠪᠠᠨ ᠬᠡᠷ ᠪᠠ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ | ᠭᠤᠤᠯᠳᠠᠭᠤ ᠪᠥᠬᠦ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠭᠦᠢᠴᠡᠳᠭᠡᠬᠦ ᠳᠤ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢ ᠳᠣᠭᠢᠷᠠᠭᠤᠯᠬᠤ ᠂ ᠵᠣᠬᠢᠴᠠᠭᠤᠯᠬᠤ᠂ | ᠮᠡᠳᠡᠭᠡᠯᠡᠬᠦ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ | ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠢᠬᠤᠯᠠ ᠶᠡᠭᠡ ᠲᠥᠷᠥᠯ | ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ︽ᠨᠢᠭᠡᠳᠦᠭᠡᠷ ᠭᠠᠷ︾ ᠤᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ ᠡᠯ᠎ᠡ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠪᠣᠯᠤᠨ ᠪᠣᠳᠠᠲᠠᠶ | ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠦᠲᠦᠮᠵᠢᠲᠡᠶ | ᠵᠣᠯᠭᠠᠭᠤᠯᠵᠤ᠂ ᠨᠢᠭᠲᠠ ᠬᠠᠮᠵᠢᠯᠴᠠᠨ᠂ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠵᠦ᠂ ᠪᠣᠳᠠᠲᠤ ᠦᠷ᠎ᠡ | ᠪᠦᠲᠦᠮᠵᠢ ᠤᠯᠬᠤ ᠬᠡᠷᠡᠭᠲᠡᠶ᠃ | ︵ᠭᠤᠷᠪᠠ︶ ᠮᠡᠳᠡᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠶᠢᠮᠠᠭ ᠤᠨ ᠵᠠᠬᠢᠷᠭ᠎ᠠ ᠨᠢ ᠠᠶᠢᠮᠠᠭ ᠤᠨ | ᠱᠠᠲᠤᠨ ᠤ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠳᠤ | ᠲᠣᠭᠲᠠᠮᠠᠯ ᠬᠤᠭᠤᠴᠠᠭ᠎ᠠ ᠲᠠᠢ ᠪᠠᠷ ᠨᠠᠷᠢᠨ ᠬᠠᠭᠤᠳᠠᠰᠤ ᠶᠢᠨ ᠳᠣᠲᠣᠷᠠᠬᠢ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠭᠡᠭᠰᠡᠨ ᠠᠬᠢᠴᠠ ᠶᠢᠨ ᠪᠠᠶᠢᠳᠠᠯ ᠢ ᠴᠢᠬᠤᠯᠠ ᠶᠡᠭᠡ ᠲᠥᠷᠥᠯ ᠵᠦᠢᠯ ᠤᠨ ︽ | ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢᠨ ᠬᠤᠭᠤᠴᠠᠭᠠᠨ ᠳᠤ ᠡᠳᠦᠷ ᠲᠤ ᠨᠡᠪᠲᠡᠷᠡᠭᠦᠯᠬᠦ ᠶᠢ | ᠬᠡᠷᠡᠭᠵᠢᠭᠦᠯᠵᠦ᠂ ᠡᠩ ᠤᠨ ᠦᠶ᠎ᠡ ᠳᠤ ᠬᠠᠭᠠᠰ ᠰᠠᠷ᠎ᠠ ᠪᠦᠷᠢ ᠨᠡᠪᠲᠡᠷᠡᠭᠦᠯᠦᠨ᠎ᠡ᠃ ᠡᠭᠦᠨ ᠤ ᠬᠠᠮᠲᠤ ᠢᠯᠡᠷᠡᠯ ᠨᠢ | ᠲᠣᠪᠤᠶᠢᠮ᠎ᠠ ᠨᠢᠭᠡᠴᠢ ᠪᠣᠯᠤᠨ ᠬᠤᠪᠢ ᠬᠥᠮᠦᠨ ᠢ ᠨᠡᠶᠢᠲᠡᠯᠡᠨ ᠰᠠᠶᠢᠰᠢᠶᠠᠨ᠎ᠠ᠃ | ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ | ᠮᠥᠴᠢᠷ ᠢ ᠤᠷᠢᠵᠤ ᠴᠢᠬᠤᠯᠠ ᠶᠡᠭᠡ ᠵᠦᠢᠯᠡᠰ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢᠨ | ᠪᠦᠬᠦ ᠶᠠᠪᠤᠴᠠ ᠳᠤ ᠬᠢᠨᠠᠯᠲᠠ ᠲᠠᠯᠪᠢᠭᠤᠯᠪᠠ᠃ ᠠᠵᠢᠯ ᠥᠯᠥ ᠬᠢᠬᠦ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠠᠴᠠ | ᠪᠣᠯᠵᠣ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠤᠳᠠᠭᠠᠰᠢᠷᠠᠭᠤᠯᠤᠨ ᠴᠠᠭ ᠠᠴᠠ ᠬᠡᠲᠦᠷᠡᠭᠦᠯᠦᠨ | ᠭᠦᠢᠴᠡᠳᠭᠡᠭᠰᠡᠨ ᠥᠬᠡᠶ ᠨᠢᠭᠡᠴᠢ ᠪᠠ ᠬᠤᠪᠢ ᠬᠥᠮᠦᠨ ᠳᠤ ᠨᠡᠪᠲᠡᠷᠡᠭᠦᠯᠦᠨ ᠰᠢᠭᠦᠮᠵᠢᠯᠡᠬᠦ᠂ ᠪᠣᠯᠵᠣᠨ ᠶᠠᠷᠢᠯᠴᠠᠵᠤ | ᠬᠠᠷᠢᠭᠤᠴᠠᠯᠭ᠎ᠠ ᠬᠡᠯᠡᠯᠴᠡᠬᠦ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠠᠪᠤᠨ᠎ᠠ᠃ | ᠡᠯ᠎ᠡ ᠬᠤᠰᠢᠭᠤ ᠰᠢᠶᠠᠨ ᠬᠤᠲᠠ ᠨᠤᠭᠤᠳ ᠥᠪᠡᠷ ᠲᠡᠭᠡᠨ ᠳᠣᠭᠢᠷᠠᠭᠤᠯᠤᠭᠰᠠᠨ ᠲᠣᠰ ᠱᠠᠲᠤᠨ ᠤ ᠴᠢᠬᠤᠯᠠ | ᠶᠡᠭᠡ ᠲᠥᠷᠥᠯ ᠵᠦᠢᠯ ᠳᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠵᠡᠷᠭᠡ ᠳᠤᠨᠢ ᠶᠠᠪᠤᠭᠳᠠᠭᠤᠯᠤᠨ᠎ᠠ᠃ | ᠳᠠᠭᠠᠯᠳᠤᠭᠤᠯᠤᠯ 1 | ᠬᠢᠩᠭᠠᠨ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ | ᠠᠵᠢᠯᠯᠠᠭ᠎ᠠ︾ ᠠᠬᠢᠭᠤᠯᠬᠤ ᠤᠳᠤᠷᠢᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠰᠦᠬᠡ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠢᠶᠠᠩ ᠲᠢᠶᠠᠨ ᠬᠤ᠋ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠠᠶᠢᠮᠠᠭ ᠤᠨ ᠳᠡᠳ᠋ ᠳᠠᠷᠤᠭ᠎ᠠ | ᠴᠢᠦᠶ ᠵᠧᠨ ᠨᠢᠶᠠᠨ ᠠᠶᠢᠮᠠᠭ ᠤᠨ ᠳᠡᠳ᠋ ᠳᠠᠷᠤᠭ᠎ᠠ | ᠯᠢᠦ ᠮᠢᠨ ᠠᠶᠢᠮᠠᠭ ᠤᠨ ᠳᠡᠳ᠋ ᠳᠠᠷᠤᠭ᠎ᠠ | ᠯᠢᠶᠠᠩ ᠶᠠᠨ ᠵᠢᠶᠦ᠋ᠨ ᠠᠶᠢᠮᠠᠭ ᠤᠨ ᠳᠡᠳ᠋ ᠳᠠᠷᠤᠭ᠎ᠠ | ᠪᠦᠷᠢᠯᠳᠦᠬᠦᠨ᠄ ᠸᠠᠩ ᠴᠦᠨ ᠶᠢᠤ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠠᠷᠤᠭ᠎ᠠ | ᠰᠦᠨ ᠪᠠᠶ ᠴᠤᠸᠠᠨ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ | ᠬᠥ᠋ ᠯᠢ ᠮᠢᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠸᠧᠶ ᠳ᠋ᠡ ᠶᠦᠩ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠳᠠᠷᠤᠭ᠎ᠠ᠂ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ | ᠵᠢᠶ ᠬᠤᠩ ᠮᠧᠶ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠯᠢ ᠰᠢᠤᠸᠠᠢ ᠳ᠋ᠦᠩ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ | ᠸᠠᠩ ᠹᠦ᠋ ᠱᠦᠨ ᠠᠶᠢᠮᠠᠭ ᠤᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠳᠠᠷᠤᠭ᠎ᠠ | ᠪᠠᠶ ᠴᠠᠩ ᠹᠧᠩ ᠠᠶᠢᠮᠠᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠭᠦᠸᠧ ᠯᠢᠩ ᠶᠦᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ | ᠯᠢ ᠵᠧᠨ ᠯᠢᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ | ᠳ᠋ᠦᠩ ᠸᠧᠨ ᠴᠢᠩ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠠᠷᠤᠭ᠎ᠠ | ᠭᠧᠩ ᠲᠢᠶᠠᠨ ᠯᠢᠶᠠᠩ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠯᠢᠦ ᠵᠢᠶᠠᠨ ᠰᠢᠩ ᠠᠶᠢᠮᠠᠭ ᠤᠨ ᠠᠷᠠᠳ ᠤᠨ ᠠᠭᠠᠷ ᠰᠡᠷᠭᠡᠶᠢᠯᠡᠯᠲᠡ ᠶᠢᠨ ᠠᠯᠪᠠᠨ ᠬᠡᠷ ᠤᠨ ᠡᠷᠬᠢᠯᠡᠭᠴᠢ | ᠶᠠᠩ ᠷᠠᠨ ᠯᠦᠩ ᠠᠶᠢᠮᠠᠭ ᠤᠨ ᠭᠠᠵᠠᠷ ᠬᠥᠳᠡᠯᠦᠯᠲᠡ ᠶᠢᠨ ᠲᠣᠪᠴᠢᠶᠠᠨ ᠤ ᠳᠠᠷᠤᠭ᠎ᠠ | ᠵᠠᠩ ᠫᠢᠩ ᠠᠨ ᠠᠶᠢᠮᠠᠭ ᠤᠨ ᠴᠠᠭ ᠠᠭᠤᠷ ᠤᠨ ᠲᠣᠪᠴᠢᠶᠠᠨ ᠤ ᠳᠠᠷᠤᠭ᠎ᠠ | ᠰᠢᠤᠢ ᠸᠧᠶ ᠴᠢ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ | ᠶᠢᠨ ᠭᠤᠸᠠᠩ ᠲᠢᠶᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠯᠢᠦ ᠢᠦᠢ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠸᠠᠩ ᠰᠢᠶᠤᠤ ᠬᠤᠸᠠᠨ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠴᠢ ᠯᠢᠨ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ | ᠂ ᠬᠤᠰᠢᠭᠤᠨ ᠳᠠᠷᠤᠭ᠎ᠠ | ᠸᠠᠩ ᠶᠦᠩ ᠵᠢᠶᠠ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠳᠠᠷᠤᠭ᠎ᠠ | ᠵᠢᠶ ᠴᠢᠩ ᠯᠦ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠲᠥᠪ ᠤᠨ ᠨᠠᠮ ᠤᠨ ᠬᠤᠷᠢᠶ᠎ᠠ ᠶᠢᠨ | ᠱᠦᠵᠢ᠂ ᠡᠷᠬᠢᠯᠡᠭᠴᠢ | ᠭᠤᠤ ᠲᠢᠶᠠᠨ ᠢᠦᠶ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ | ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ | ᠣᠨᠴᠠ ᠤᠷᠢᠭᠰᠠᠨ ᠨᠢ᠄ ᠪᠠᠶ ᠵᠢᠶᠧ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ | ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠠᠶᠢᠮᠠᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ | ᠬᠡᠷ ᠤᠨ ᠡᠷᠬᠢᠯᠡᠭᠴᠢ | ᠰᠥᠩ ᠬᠤᠩ ᠰᠢᠨ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ | ᠱᠦᠵᠢ |