ᠵᠠᠯᠠᠶᠢᠳ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠰᠦᠵᠧᠦ ᠬᠤᠳᠠᠨ ᠳᠤ ᠵᠢᠩᠬᠢᠨᠢ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/3/22
    3 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠰᠦᠵᠧᠦ ᠬᠤᠳᠠᠨ ᠳᠤ ᠵᠢᠩᠬᠢᠨᠢ ᠪᠠᠷ ᠬᠢᠴᠢᠶᠡᠯ ᠡᠬᠢᠯᠡᠪᠡ᠃ ᠲᠤᠰ ᠤᠳᠠᠭᠠᠨ ᠤ ᠪᠣᠯᠪᠠᠰᠤᠷᠠᠯ ᠤᠨ ᠠᠩᠭᠢ 6 ᠡᠳᠦᠷ ᠶᠠᠪᠤᠭᠳᠠᠨ᠎ᠠ᠂ ᠲᠤᠰᠬᠠᠢ ᠰᠡᠳᠦᠪᠲᠦ ᠲᠠᠶᠢᠯᠤᠮᠵᠢ + ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ + ᠬᠠᠷᠢᠯᠴᠠᠨ ᠰᠤᠳᠤᠯᠤᠨ ᠶᠠᠷᠢᠯᠴᠠᠬᠤ ᠠᠷᠭ᠎ᠠ ᠪᠠᠷ ᠲᠡᠷᠢᠭᠦᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠰᠤᠷᠤᠯᠴᠠᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠰᠢᠨ᠎ᠡ ᠪᠠᠶᠢᠳᠠᠯ ᠳᠣᠣᠷᠠᠬᠢ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠰᠢᠨ᠎ᠡ ᠶᠢ ᠡᠭᠦᠳᠬᠦ ᠵᠠᠭᠪᠤᠷ ᠪᠣᠯᠣᠨ ᠠᠷᠭ᠎ᠠ ᠵᠡᠷᠭᠡ ᠶᠢ ᠡᠵᠡᠮᠰᠢᠵᠦ᠂ ᠪᠣᠯᠪᠠᠰᠤᠷᠠᠯ ᠢᠶᠠᠷ ᠳᠠᠮᠵᠢᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠺᠠᠳ᠋ᠷ ᠤᠨ ᠡᠩᠨᠡᠭᠡ ᠶᠢᠨ ᠬᠡᠪ ᠪᠤᠯᠪᠠᠰᠤᠷᠠᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠤᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠴᠢᠳᠠᠪᠤᠷᠢ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃    
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号