ᠸᠠᠩ ᠰᠢᠶᠤᠤ ᠬᠤᠸᠠᠨ 2023 ᠣᠨ ᠤ ᠳᠣᠯᠣᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/22
   3 ᠰᠠᠷ᠎ᠠ ᠶᠢᠨ 15 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ 2023 ᠣᠨ ᠤ ᠳᠣᠯᠣᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ᠷᠠᠰᠢᠶᠠᠨ ᠬᠤᠲᠠ ᠶᠢᠨ ᠠᠷᠠᠳ ᠤᠨ ᠠᠮᠢᠳᠤᠷᠠᠯ ᠤᠨ ︿ᠦᠴᠣᠭᠡᠨ ᠪᠣᠳᠠᠲᠤ ᠶᠠᠪᠤᠳᠠᠯ﹀ ᠤᠨ ᠬᠡᠷᠡᠭᠵᠢᠭᠦᠯᠬᠦ ᠲᠥᠰᠦᠯ︾ ᠵᠢᠴᠢ ᠨᠢᠭᠡᠳᠦᠭᠡᠷ ᠪᠦᠯᠦᠭ ᠤᠨ ᠠᠷᠠᠳ ᠤᠨ ᠠᠮᠢᠳᠤᠷᠠᠯ ᠤᠨ ︿ᠦᠴᠣᠭᠡᠨ ᠪᠣᠳᠠᠲᠤ ᠶᠠᠪᠤᠳᠠᠯ﹀ ᠤᠨ ᠡᠭᠦᠷᠭᠡ ᠶᠢᠨ ᠨᠠᠷᠢᠨ ᠲᠠᠩᠰᠠ᠂ ᠪᠥᠬᠦ ᠬᠤᠲᠠ ᠶᠢᠨ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠤᠨ ᠬᠠᠮᠢᠶ᠎ᠠ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃    ᠸᠠᠩ ᠰᠢᠶᠤᠤ ᠬᠤᠸᠠᠨ᠂ ᠠᠷᠠᠳ ᠤᠨ ᠠᠮᠢᠳᠤᠷᠠᠯ ᠪᠣᠯ ᠠᠷᠠᠳ ᠤᠨ ᠰᠡᠳᠬᠢᠯ ᠲᠠᠢ ᠬᠤᠯᠪᠤᠭᠳᠠᠵᠤ ᠪᠠᠶᠢᠳᠠᠭ᠂ ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠥᠷᠥ ᠮᠥᠨ᠃ ᠪᠥᠬᠦ ᠬᠤᠲᠠ ᠪᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠬᠢᠯᠡᠯᠲᠡ ᠰᠠᠶᠢᠳᠠᠢ ᠪᠠᠷ ᠠᠷᠭ᠎ᠠ ᠰᠦᠪᠡᠭᠴᠢᠯᠡᠨ᠂ ᠪᠠᠷᠢᠮᠵᠢᠶ᠎ᠠ ᠥᠨᠳᠥᠷ ᠢᠶᠠᠷ ᠬᠡᠷᠡᠭᠵᠢᠭᠦᠯᠣᠨ᠂ ᠴᠢᠨᠠᠷ ᠰᠠᠶᠢᠲᠠᠶ ᠳᠥᠯᠭᠢᠨ ᠠᠬᠢᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ︽ᠦᠴᠣᠭᠡᠨ ᠪᠣᠳᠠᠲᠣ ᠶᠠᠪᠤᠳᠠᠯ︾ ᠤᠨ ᠡᠭᠦᠷᠭᠡ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠬᠠᠷᠠᠯᠲᠠ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠨ᠂ ᠴᠢᠨᠠᠷ ᠰᠠᠶᠢᠲᠠᠶ ᠦᠷ᠎ᠡ ᠪᠦᠲᠦᠭᠡᠯ ᠢᠶᠠᠷ ᠢᠶᠠᠨ ᠠᠷᠠᠳ ᠣᠯᠠᠨ ᠤ ᠬᠠᠨᠤᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠣᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠳᠠᠯᠠᠵᠤ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠠᠴᠠ ︽ᠰᠠᠨᠠᠭᠠᠴᠢᠯᠠᠭ᠎ᠠ ᠠᠴᠠ ᠪᠠᠨ ᠵᠠᠰᠠᠬᠤ᠂ ᠵᠠᠭᠠᠯᠳᠤᠯᠭ᠎ᠠ ᠬᠢᠭᠰᠡᠨ ᠦᠭᠡᠢ ᠴᠣ᠋ ᠤᠷᠢᠳᠠᠪᠠᠷ ᠰᠢᠢᠳᠪᠦᠷᠢᠯᠡᠬᠦ︾ ᠲᠡᠰᠢ ᠰᠢᠯᠵᠢᠨ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠤᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠣᠨ᠂ ᠨᠡᠩ ᠴᠢᠨᠠᠷ ᠰᠠᠶᠢᠲᠠᠢ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠬᠤᠳᠠ ᠶᠢ ᠴᠢᠷᠮᠠᠶᠢᠨ ᠪᠦᠳᠦᠭᠡᠨ ᠪᠠᠶᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠡᠬᠢ ᠪᠠᠶᠠᠯᠢᠭ ᠢ ᠵᠣᠬᠢᠰᠲᠠᠢ ᠲᠤᠬᠢᠷᠠᠭᠤᠯᠣᠨ᠂ ᠮᠡᠷᠭᠡᠵᠢᠯ ᠢᠶᠠᠷ ᠰᠠᠶᠢᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠡᠮᠨᠡᠯᠭᠡ ᠶᠢᠨ ᠠᠵᠢᠯᠲᠠᠳ ᠢ ᠲᠠᠲᠠᠵᠤ ᠪᠦᠬᠦ ᠲᠠᠯ᠎ᠠ ᠶᠢᠨ ᠴᠢᠨᠠᠷ ᠰᠠᠶᠢᠲᠠᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠨᠠᠮ ᠪᠣᠯᠤᠨ ᠤᠯᠤᠰ ᠤᠨ ᠺᠠᠳ᠋ᠷ ᠠᠵᠢᠯᠳᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠣᠨ᠂ ᠪᠦᠬᠦ ᠬᠤᠳᠠ ᠶᠢᠨ ᠺᠠᠳ᠋ᠷ ᠠᠵᠢᠯᠳᠠᠨ ᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号