3 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨᠠᠵᠢᠯ ᠤᠨ ᠵᠦᠪᠯᠡᠯ ᠤᠨ ᠤᠳᠤᠷᠢᠳᠬᠤ ᠪᠠᠭ ᠰᠢᠨ᠎ᠡ ᠪᠠᠷ ᠲᠤᠰᠢᠶᠠᠯ ᠳᠤ ᠲᠣᠮᠢᠯᠠᠭᠰᠠᠨᠠᠵᠢᠯ ᠤᠨ | ᠵᠦᠪᠯᠡᠯ ᠤᠨ ᠭᠡᠰᠢᠭᠦᠳ ᠲᠠᠢ ᠬᠠᠮᠲᠤ ᠶᠢᠨ ᠶᠠᠷᠢᠯᠴᠠᠭ᠎ᠠ ᠥᠷᠨᠢᠭᠦᠯᠵᠦ᠂ ᠬᠢᠩᠭᠠᠨ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠂ ᠡᠷᠬᠢᠯᠡᠭᠴᠢ ᠰᠢᠤᠢ ᠵᠦᠸᠧ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ ᠳᠡᠳ᠋ ᠡᠷᠬᠢᠯᠡᠭᠴᠢ ᠲᠦᠩ ᠪᠦᠷᠢᠨ᠂ ᠪᠦᠦ | ᠰᠢᠨ ᠮᠢᠨ᠂ ᠯᠢ ᠰᠢᠶᠤᠤ ᠭᠤᠸᠠᠩ᠂ ᠭᠦᠸᠧ ᠲᠠᠩ᠂ ᠯᠢᠦ ᠵᠥᠩ ᠬᠤᠷᠠᠯ ᠳᠤ ᠣᠷᠣᠯᠴᠠᠪᠠ᠃ | ᠰᠢᠤᠢ ᠵᠦᠸᠧ ᠠᠵᠢᠯ ᠤᠨ ᠺᠣᠮᠢᠰ ᠤᠨ ᠪᠠᠭ ᠢ ᠲᠥᠯᠥᠭᠡᠯᠡᠨ ᠠᠵᠢᠯ ᠤᠨ ᠺᠣᠮᠢᠰ ᠤᠨ ᠭᠡᠰᠢᠭᠦᠨ ᠢ ᠰᠢᠨ᠎ᠡ ᠪᠠᠷ | ᠲᠣᠮᠢᠯᠠᠬᠤ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠤ᠂ ᠤᠯᠤᠰ | ᠲᠦᠷᠦ ᠶᠢᠨ ᠤᠬᠠᠮᠰᠠᠷ ᠢᠶᠠᠨ ᠨᠡᠮᠡᠭᠳᠡᠭᠦᠯᠦᠨ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯᠳᠤᠭᠠᠨ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠤᠬᠠᠭᠤᠯᠵᠤ ᠲᠤᠭᠤᠰᠢᠯᠠᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠦᠨᠳᠦᠰᠦᠨ ᠬᠠᠤᠯᠢ᠂ | ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ ᠰᠠᠬᠢᠵᠤ᠂ ᠠᠷᠠᠳᠴᠢᠯᠠᠯ ᠤᠨ ᠠᠷᠭ᠎ᠠ ᠵᠠᠮ ᠢ ᠥᠷᠭᠡᠳᠬᠡᠵᠦ᠂ ᠤᠯᠠᠨ | ᠲᠦᠮᠡᠨ ᠲᠠᠢ ᠨᠢᠭᠲᠠ ᠬᠠᠷᠢᠯᠴᠠᠵᠤ᠂ ᠴᠠᠭ ᠲᠤᠬᠠᠢ ᠳᠤᠨᠢ ᠤᠯᠠᠨ ᠲᠦᠮᠡᠨ ᠤ ᠰᠠᠨᠠᠯ ᠢ ᠰᠣᠨᠣᠰᠴᠤ᠂ ᠠᠷᠠᠳ ᠤᠨ | ᠤᠶᠤᠨ ᠤᠬᠠᠭᠠᠨ ᠢ ᠨᠢᠭᠲᠠᠷᠠᠭᠤᠯᠵᠤ᠂ ᠬᠠᠤᠯᠢ ᠴᠠᠭᠠᠵᠠ ᠠᠴᠠ ᠣᠯᠭᠤᠭᠰᠠᠨ ᠡᠷᠬᠡ ᠲᠤᠰᠢᠶᠠᠯ ᠢ ᠵᠥᠪ | ᠣᠨᠣᠪᠴᠢᠲᠠᠢ ᠬᠡᠷᠡᠭᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ | ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ | ᠃ | |