ᠬᠢᠩᠭᠠᠨ ᠠᠶᠢᠮᠠᠭ ᠤᠨ ᠵᠠᠬᠢᠷᠭ᠎ᠠ ᠬᠢᠭᠡᠳ ᠤᠯᠤᠰ ᠤᠨ ᠴᠠᠬᠢᠯᠭᠠᠨ ᠲᠣᠤᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2023/3/22
  3 ᠳ᠋ᠤᠭᠠᠷ ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠬᠢᠭᠡᠳ ᠤᠯᠤᠰ ᠤᠨ ᠴᠠᠬᠢᠯᠭᠠᠨ ᠲᠣᠤᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠶᠠᠷᠢᠯᠴᠠᠬᠤ ᠬᠤᠷᠠᠯ ᠢ ᠡᠷᠭᠢᠯᠡᠪᠡ᠃ ᠤᠯᠤᠰ ᠤᠨ ᠴᠠᠬᠢᠯᠭᠠᠨ ᠬᠦᠴᠦᠨ ᠤ ᠺᠣᠮᠫᠠᠨᠢ ᠶᠢᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠧᠩ ᠰᠥᠩ᠂ ᠠᠶᠢᠮᠠᠭ ᠤᠨ ᠤᠳᠤᠷᠢᠳᠤᠯᠭ᠎ᠠ ᠵᠢᠶᠠᠩ ᠲᠢᠶᠠᠨ ᠬᠤ᠋᠂ ᠯᠢᠶᠠᠩ ᠶᠠᠨ ᠵᠢᠶᠦ᠋ᠨ ᠬᠤᠷᠠᠯ ᠳᠤ ᠣᠷᠣᠯᠴᠠᠵᠠᠶ᠃    ᠰᠦᠬᠡ ᠵᠠᠩ ᠴᠧᠩ ᠰᠦᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠢᠢᠷ᠎ᠠ ᠶᠢᠨ ᠵᠢᠯ ᠠᠴᠠ᠂ ᠤᠯᠤᠰ ᠤᠨ ᠴᠠᠬᠢᠯᠭᠠᠨ ᠲᠣᠣᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠶᠢᠨ ᠬᠦᠴᠦᠲᠡᠢ ᠳᠡᠮᠵᠢᠯᠭᠡ ᠳᠣᠣᠷ᠎ᠠ᠂ ᠬᠢᠩᠭᠠᠨ ᠠᠶᠢᠮᠠᠭ ᠤᠨ ᠴᠠᠬᠢᠯᠭᠠᠨ ᠲᠣᠣᠷ ᠤᠨ ᠪᠦᠲᠦᠴᠡ ᠦᠷᠭᠦᠯᠵᠢᠯᠡᠨ ᠲᠡᠭᠦᠯᠳᠡᠷᠵᠢᠵᠦ᠂ ᠮᠠᠰᠢᠨ ᠴᠣᠭᠴᠠᠯᠠᠪᠤᠷᠢ ᠶᠢᠨ ᠬᠡᠪᠴᠢ᠊ ᠡᠶ᠎ᠡ ᠲᠠᠰᠤᠷᠠᠯᠳᠡ ᠦᠭᠡᠢ ᠥᠷᠭᠡᠳᠴᠦ᠂ ᠡᠨᠧᠷᠭᠢ ᠶᠢᠨ ᠲᠦᠷᠦᠯ ᠵᠦᠢᠯ ᠲᠣᠭᠲᠠᠭᠤᠨ ᠢᠶᠠᠷ ᠠᠬᠢᠵᠠᠢ᠃ ᠬᠤᠶᠢᠰᠢᠳᠠ ᠶᠢᠨ ᠬᠥᠭᠵᠢᠯᠲᠡ ᠶᠢᠨ ᠶᠠᠪᠤᠴᠠ ᠳᠤ᠂ ᠬᠢᠩᠭᠠᠨ ᠠᠶᠢᠮᠠᠭ ᠤᠨ ᠬᠢᠨ ᠤᠯᠤᠰ ᠤᠨ ᠴᠠᠬᠢᠯᠭᠠᠨ ᠲᠣᠣᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠨᠡᠩ ᠰᠢᠯᠢᠳᠡᠭ ᠦᠢᠯᠡᠴᠢᠯᠡᠭᠡ ᠬᠠᠩᠭᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠶᠢᠩᠭᠤᠵᠢᠭᠰᠠᠨ ᠤᠯᠤᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠵᠠᠩ ᠴᠧᠩ ᠰᠦᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠵᠢᠴᠢ ᠠᠵᠢᠯ ᠢ ᠠᠬᠢᠭᠤᠯᠬᠤ ᠲᠥᠯᠥᠪᠯᠡᠭᠡ ᠶᠢ ᠲᠠᠨᠢᠯᠴᠠᠭᠤᠯᠪᠠ᠃ ᠲᠡᠷᠡ᠂ ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠤᠯᠤᠰ ᠤᠨ ᠴᠠᠬᠢᠯᠭᠠᠨ ᠲᠣᠣᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠨᠡᠶᠢᠭᠡᠮ ᠤᠨ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠢᠴᠡᠳᠬᠡᠵᠦ᠂ ᠴᠠᠬᠢᠯᠭᠠᠨ ᠤ ᠲᠣᠣᠷ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠡᠯ᠎ᠡ ᠵᠦᠢᠯ ᠤᠨ ᠴᠠᠬᠢᠯᠭᠠᠨ ᠤ ᠲᠣᠣᠷ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠴᠡᠪᠡᠷ ᠡᠨᠧᠷᠭᠢ ᠶᠢᠨ ᠲᠦᠷᠦᠯ ᠵᠦᠢᠯ ᠤᠨ ᠢᠵᠢ ᠪᠦᠷᠢᠳᠦᠭᠦᠯᠬᠦ ᠪᠦᠳᠦᠭᠡᠨ ᠪᠠᠶᠢᠭᠤᠯᠤᠯᠲᠠ ᠵᠢᠴᠢ ᠲᠠᠷᠢᠶᠠᠯᠠᠩ ᠤᠨ ᠳᠤᠬᠢᠷᠠᠭᠤᠯᠤᠯᠳᠠ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠪᠡ᠃    ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠴᠠᠬᠢᠯᠭᠠᠨ ᠬᠦᠴᠦᠨ ᠤ ᠺᠣᠮᠫᠠᠨᠢ ᠪᠣᠯᠤᠨ ᠬᠢᠩᠭᠠᠨ ᠠᠶᠢᠮᠠᠭ ᠲᠤ ᠰᠠᠭᠤᠭ᠎ᠠ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号