ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/23
      3 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ  ᠦᠢᠯᠡᠰ ᠢ ᠬᠥᠭᠵᠢᠭᠦᠯᠬᠦ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ᠂ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠵᠠᠩ ᠰᠢᠶᠤᠤ ᠪᠢᠩ ᠬᠤᠸᠠ ᠨᠢᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ  ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠨᠡᠵᠠᠮ ᠰᠤᠮᠤ ᠶᠢᠨ  ᠬᠤᠯᠪᠤᠭ᠎ᠠ ᠭᠠᠴᠠᠭ᠎ᠠ ᠶᠢᠨ ᠬᠤᠨᠢᠨ ᠡᠪᠡᠰᠦ ᠲᠠᠷᠢᠬᠤ ᠰᠠᠭᠤᠷᠢᠨ ᠭᠠᠵᠠᠷ ᠪᠣᠯᠤᠨ ᠬᠤᠸᠠ ᠶᠠᠩ ᠤᠨ ᠠᠯᠠᠰᠢᠨ ᠦᠬᠡᠷ ᠨᠢᠲᠤᠯᠵᠤ ᠡᠳ᠋ᠰᠢᠭᠦᠯᠦᠭᠰᠡᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠠᠬᠢᠴᠠ᠂ ᠠᠰᠢᠭᠯᠠᠯᠲᠠ ᠳᠤ ᠣᠷᠣᠭᠤᠯᠬᠤ ᠲᠥᠯᠥᠪᠯᠡᠭᠡ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ ᠳᠤᠮᠳᠠᠳᠤ ᠬᠤᠰᠢᠭᠤᠨ ᠤ ᠬᠢᠨ ︽ᠠᠮᠢ ᠠᠬᠤᠶ ᠶᠢᠨ ᠬᠤᠭᠤᠯᠠ ᠢᠳᠡᠬᠦ᠂ ᠦᠬᠡᠷ ᠤᠨ ᠠᠵᠢᠯ ᠬᠢᠬᠦ᠂ ᠨᠣᠮ ᠪᠢᠴᠢᠭ ᠤᠩᠰᠢᠬᠤ︾ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠠᠯᠠᠰᠢᠨ ᠦᠬᠡᠷ ᠤᠨ ᠠᠵᠤ  ᠦᠢᠯᠡᠰ ᠢ ᠲᠠᠷᠢᠶᠠᠯᠠᠩ ᠮᠠᠯ ᠠᠵᠤ ᠠᠬᠤᠶ ᠶᠢᠨ ᠭᠤᠤᠯᠯᠠᠬᠤ ᠠᠵᠤ  ᠦᠢᠯᠡᠰ ᠪᠣᠯᠭᠠᠨ ᠠᠳᠬᠤᠵᠤ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠤᠨ᠂ ᠲᠡᠵᠢᠭᠡᠬᠦ ᠶᠢᠨ ᠲᠥᠯᠥᠭᠡ ᠳᠠᠷᠢᠵᠤ᠂ ᠡᠪᠡᠰᠦ ᠪᠣᠷᠳᠤᠭ᠎ᠠ ᠳᠠᠷᠢᠬᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠨᠠᠷᠢᠯᠢᠭ ᠪᠣᠯᠪᠠᠰᠤᠷᠠᠭᠤᠯᠬᠤ᠂ ᠨᠠᠷᠠᠲᠤ ᠲᠡᠮᠳᠡᠭᠲᠦ ᠶᠢ ᠡᠭᠦᠳᠬᠦ᠂ ᠵᠠᠬ᠎ᠠ ᠳᠡᠯᠭᠡᠭᠦᠷ ᠲᠤ ᠡᠵᠡᠩᠨᠡᠨ ᠪᠣᠷᠣᠯᠠᠭᠤᠯᠬᠤ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠠᠯᠠᠰᠢᠨ ᠦᠬᠡᠷ ᠤᠨ ᠪᠥᠬᠦ ᠠᠵᠤ  ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ ᠭᠡᠵᠡᠶ᠃    ᠭᠤᠤᠯ ᠤᠨ ᠪᠠᠶᠢᠰᠢᠩ ᠪᠠᠯᠭᠠᠰᠤᠨ ᠤ ᠶᠢᠨ ᠰᠢᠶᠠᠩ ᠭᠠᠴᠠᠭ᠎ᠠ᠂ ᠡᠯ ᠯᠦᠩ ᠳᠦᠨ ᠤ ᠣᠷᠭᠠᠨᠢᠭ ᠲᠠᠷᠢᠶᠠᠯᠠᠩ ᠤᠨ ᠺᠣᠮᠫᠠᠨᠢ ᠳᠤ᠂ ᠵᠠᠩ ᠰᠢᠶᠤᠤ ᠪᠢᠩ ᠬᠥᠳᠡᠭᠡ ᠲᠣᠰᠬᠤᠨ ᠤ ᠣᠷᠣᠯᠭ᠎ᠠ ᠶᠢ ᠨᠡᠮᠡᠭᠳᠡᠭᠦᠯᠬᠦ ︽ᠵᠢᠷᠭᠤᠭᠠᠨ ᠶᠡᠭᠡ ᠠᠵᠢᠯᠯᠠᠭ᠎ᠠ︾ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠲᠠᠷᠢᠶᠠᠯᠠᠩ ᠮᠠᠯ ᠠᠵᠤ ᠠᠬᠤᠶ ᠶᠢᠨ ᠳᠠᠷᠢᠵᠤ ᠲᠡᠵᠢᠭᠡᠬᠦ ᠪᠦᠲᠦᠴᠡ ᠶᠢᠨ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ︽ᠣᠷᠣᠯᠠᠨ ᠳᠠᠷᠢᠵᠤ ᠣᠷᠣᠯᠠᠨ ᠳᠠᠷᠢᠬᠤ︾ ᠵᠡᠷᠭᠡ ᠨᠡᠶᠢᠭᠡᠮᠴᠢᠯᠡᠭᠰᠡᠨ  ᠦᠢᠯᠡᠴᠢᠯᠡᠭᠡᠨ  ᠤ ᠵᠠᠭᠪᠤᠷ ᠢ ᠢᠳᠡᠪᠬᠢᠲᠡᠶ ᠬᠡᠷᠡᠭᠵᠢᠭᠦᠯᠦᠨ᠂ ᠬᠡᠪᠴᠢᠶᠡᠵᠢᠭᠰᠡᠨ ᠡᠷᠴᠢᠮᠵᠢᠭᠰᠡᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠳᠤ ᠣᠷᠣᠯᠴᠠᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠦᠨ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠡᠶ᠃    ᠪᠠᠶᠠᠨᠬᠤᠰᠢᠭᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠯᠣᠭᠤᠳᠬᠤ ᠲᠥᠪ ᠲᠤ᠂ ᠵᠠᠩ ᠰᠢᠶᠤᠤ ᠪᠢᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠣᠯᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ︽ᠵᠣᠭᠤᠰ ᠪᠠᠭ᠎ᠠ ᠵᠠᠷᠤᠬᠤ᠂ ᠤᠴᠢᠷ ᠶᠠᠪᠤᠳᠠᠯ ᠢ ᠢᠯᠡᠭᠦᠤ ᠰᠢᠢᠳᠪᠦᠷᠢᠯᠡᠬᠦ᠂ ᠣᠯᠠᠨ ᠲᠦᠮᠡᠨ ᠲᠠᠢ ᠣᠶᠢᠷᠠᠲᠤᠬᠤ᠂ ᠦᠷᠭᠦᠯᠵᠢᠯᠡᠨ ᠬᠥᠭᠵᠢᠭᠦᠯᠬᠦ︾ ᠶᠢ ᠪᠠᠷᠢᠮᠲᠠᠯᠠᠨ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠡᠭᠡ ᠪᠠᠷ ᠬᠥᠭᠵᠢᠭᠦᠯᠵᠦ᠂ ᠵᠠᠰᠠᠭ ᠤᠨ ᠣᠷᠳᠣᠨ ᠤ ᠭᠤᠤᠯᠯᠠᠬᠤ ᠦᠢᠯᠡᠳᠦᠯ ᠢ ᠪᠠᠳᠠᠷᠠᠭᠤᠯᠤᠨ᠂ ᠡᠯ᠎ᠡ ᠲᠥᠷᠥᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠶ ᠭᠡᠵᠡᠶ᠃    ᠭᠤᠤᠯ ᠤᠨ ᠪᠠᠶᠢᠰᠢᠩ ᠪᠠᠯᠭᠠᠰᠤᠨ ᠤ  ᠯᠤᠤ ᠭᠥᠩ ᠰᠧ ᠭᠠᠴᠠᠭ᠎ᠠ ᠳᠤ᠂ ᠵᠠᠩ ᠰᠢᠶᠤᠤ ᠪᠢᠩ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ  ᠭᠦᠢᠴᠡᠳᠭᠡᠬᠦ ᠲᠦᠷᠢᠮ ᠤᠨ ᠠᠵᠢᠯ ᠤᠨ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠪᠠ᠃ ᠲᠡᠷᠡ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠶᠢ ᠤᠯᠠᠨ ᠲᠦᠮᠡᠨ ᠲᠠᠢ ᠨᠢᠭᠲᠠ ᠬᠠᠷᠢᠯᠴᠠᠬᠤ ᠬᠡᠯᠪᠡᠷᠢ ᠶᠢᠨ ᠠᠴᠢᠶᠠᠯᠠᠪᠤᠷᠢ ᠪᠣᠯᠭᠠᠵᠤ᠂ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢ ᠴᠢᠩᠭᠠᠳᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠶᠣᠰᠣ ᠵᠦᠢ ᠬᠠᠤᠯᠢ ᠴᠠᠭᠠᠵᠠ ᠶᠢ ᠵᠡᠷᠭᠡᠪᠡᠷ ᠬᠡᠷᠡᠭᠯᠡᠵᠦ ᠤᠯᠠᠨ ᠲᠦᠮᠡᠨ ᠤ ᠱᠠᠭᠠᠷᠳᠠᠵᠤ ᠪᠠᠶᠢᠭ᠎ᠠ ᠵᠠᠭᠠᠯᠳᠤᠯᠭ᠎ᠠ ᠶᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃    ᠵᠠᠩ ᠰᠢᠶᠤᠤ ᠪᠢᠩ ᠪᠠᠰᠠ  ᠰᠤᠶᠤᠯ ᠰᠣᠶᠣᠯ ᠤᠨ ᠠᠵᠤ  ᠦᠢᠯᠡᠰ ᠤᠨ ᠬᠦᠷᠢᠶᠡᠯᠡᠩ᠂ ᠬᠤᠷᠴᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠥᠷᠥᠯ ᠵᠦᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠬᠠᠮᠲᠤ ᠶᠢᠨ ᠴᠣᠭᠴᠠ ᠶᠢᠨ ᠤᠬᠠᠮᠰᠠᠷ ᠢ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠪᠣᠯᠤᠨ ᠬᠤᠳᠠ ᠶᠢᠨ ᠪᠠᠷᠢᠯᠭ᠎ᠠ᠂ ᠵᠤᠭᠠᠴᠠᠯ ᠤᠨ ᠦᠵᠡᠮᠵᠢ ᠶᠢᠨ ᠦᠵᠡᠭᠦᠯᠦᠯᠭᠡ ᠵᠡᠷᠭᠡ ᠬᠠᠮᠢᠶ᠎ᠠ ᠪᠦᠬᠦᠢ ᠲᠠᠯ᠎ᠠ ᠳᠤ ᠢᠯᠡᠷᠡᠭᠦᠯᠵᠦ᠂ ᠲᠦᠷᠦᠯ ᠵᠦᠢᠯ ᠤᠨ ᠪᠦᠬᠦ ᠶᠠᠪᠤᠴᠠ ᠶᠢ ᠬᠢᠨᠠᠨ ᠪᠠᠶᠢᠴᠠᠭᠠᠵᠤ ᠪᠣᠭᠤᠮᠲᠠ ᠰᠠᠬᠢᠬᠤ ᠶᠢ ᠴᠢᠩᠭᠠᠳᠬᠠᠵᠤ᠂ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠰᠡᠷᠡᠵᠦ ᠮᠡᠳᠡᠵᠦ ᠳᠡᠶᠢᠯᠬᠦ ᠪᠣᠯᠭᠠᠬᠤ ᠬᠡᠷᠡᠭᠲᠡᠢ ᠭᠡᠵᠦ ᠬᠡᠯᠡᠪᠡ᠃ ᠰᠣᠶᠣᠯ ᠵᠤᠭᠠᠴᠠᠯ ᠤᠨ ᠠᠭᠤᠰᠤᠯᠴᠠᠯ ᠢ ᠴᠢᠩᠭᠠᠳᠬᠠᠵᠤ᠂ ᠰᠣᠶᠣᠯ ᠵᠤᠭᠠᠴᠠᠯ ᠢᠶᠠᠷ ᠵᠤᠭᠠᠴᠠᠯ ᠢ ᠱᠤᠭᠤᠵᠤ᠂ ᠵᠤᠭᠠᠴᠠᠯ ᠢᠶᠠᠷ ᠰᠣᠶᠣᠯ ᠵᠤᠭᠠᠴᠠᠯ ᠢ ᠲᠤᠪᠤᠶᠢᠯᠭᠠᠬᠤ ᠬᠡᠷᠡᠭᠲᠡᠢ᠃ ᠠᠮᠢ ᠠᠬᠤᠢ ᠶᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ ᠠᠮᠢ ᠠᠬᠤᠢ ᠶᠢᠨ ᠵᠤᠭᠠᠴᠠᠯ ᠢ ᠰᠠᠶᠢᠲᠤᠷ ᠬᠢᠵᠦ ᠬᠡᠷᠡᠭᠲᠡᠢ  ᠭᠡᠪᠡ᠃    ᠬᠢᠩᠭᠠᠨ ᠠᠶᠢᠮᠠᠭ ᠤᠨ ᠤᠳᠤᠷᠢᠳᠤᠯᠭ᠎ᠠ ᠰᠦᠨ ᠰᠢᠩ ᠢᠦᠢ᠂ ᠳᠤᠮᠳᠠᠳᠤ ᠬᠤᠰᠢᠭᠤ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号