ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ  ᠨᠠᠮ ᠤᠨ ᠤᠳᠤᠷᠢᠳᠬᠤ ᠳᠤᠭᠤᠶᠢᠯᠠᠩ ᠤᠨ ᠲᠤᠰᠬᠠᠶ ᠰᠡᠳᠦᠪᠲᠦ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/23
    3 ᠰᠠᠷ᠎ᠠ ᠶᠢᠨ 20 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 4 ᠳ᠋ᠣᠭᠡᠷ ᠤᠳᠠᠭ᠎ᠠ ᠶᠢᠨ ᠲᠤᠰᠬᠠᠶ ᠰᠡᠳᠦᠪᠲᠦ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠪᠦᠬᠦ ᠠᠶᠢᠮᠠᠭ ᠤᠨ ᠪᠦᠬᠦ ᠤᠯᠤᠰ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠤᠨ ᠲᠠᠶᠢᠴᠢᠯᠠᠯᠳᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠮᠠᠨ ᠤ ᠠᠶᠢᠮᠠᠭ ᠤᠨ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠲᠤᠬᠠᠶ ᠣᠯᠠᠨ ᠤ ᠰᠠᠨᠠᠯ ᠢ ᠬᠤᠷᠢᠶᠠᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠪᠠ᠃ ᠠᠵᠢᠯ ᠤᠨ ᠵᠦᠪᠯᠡᠯ ᠤᠨ  ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠠᠵᠢᠯ ᠤᠨ ᠵᠦᠪᠯᠡᠯ ᠤᠨ  ᠤᠳᠤᠷᠢᠳᠬᠤ ᠪᠠᠭ ᠤᠨ ᠬᠤᠯᠪᠣᠭᠳᠠᠯ ᠪᠦᠬᠦᠢ ᠪᠦᠷᠢᠯᠳᠦᠬᠦᠨ᠂ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠱᠠᠭᠠᠷᠳᠠᠭᠰᠠᠨ ᠨᠢ᠂ ᠪᠦᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠡᠷᠦᠩᠬᠡᠶ ᠱᠦᠵᠢ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠬᠦ ᠠᠶᠢᠮᠠᠭ ᠤᠨ ᠡᠯ᠎ᠡ  ᠵᠦᠢᠯ ᠤᠨ ᠠᠵᠢᠯ ᠳᠤ ᠢᠳᠡᠪᠬᠢᠲᠡᠶ ᠣᠷᠣᠯᠴᠠᠬᠤ ᠬᠡᠷᠡᠭᠲᠡᠶ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号