| ᠣᠶᠢᠷ᠎ᠠ ᠳᠤ ᠰᠤᠷᠪᠤᠯᠵᠢᠯᠠᠭᠴᠢ᠂ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠪᠦᠷᠢᠨ ᠪᠣᠰᠤ | ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠡᠵᠡᠮᠳᠡᠯ ᠤᠨ ᠲᠠᠰᠤᠭ ᠲᠤ ᠣᠷᠣᠬᠤ ᠳᠤ᠂ ᠲᠣᠬᠢᠷᠠᠭᠤᠯᠤᠭᠴᠢ ᠶᠠᠭ | ᠬᠢᠨᠠᠨ ᠡᠵᠡᠮᠳᠡᠬᠦ ᠰᠢᠰᠲ᠋ᠧᠮ ᠢᠶᠠᠷ ᠳᠠᠮᠵᠢᠨ ᠬᠥᠭᠡᠷᠭᠡ ᠶᠢᠨ ᠭᠡᠷ᠂ ᠳᠠᠷᠤᠯᠲᠠ ᠶᠢ ᠬᠡᠮᠵᠢᠬᠦ ᠴᠡᠭ᠂ ᠤᠰᠤᠨ ᠤ ᠴᠢᠨᠠᠷ ᠢ | ᠬᠢᠨᠠᠨ ᠬᠡᠮᠵᠢᠬᠦ ᠴᠡᠭ ᠤᠨ ᠳᠠᠷᠤᠯᠲᠠ᠂ PH ᠵᠡᠷᠭᠡ ᠪᠣᠯᠵᠣᠯᠲᠤ ᠲᠤᠭ᠎ᠠ ᠶᠢᠨ ᠬᠤᠪᠢᠷᠠᠯᠲᠠ ᠶᠢᠨ ᠪᠠᠶᠢᠳᠠᠯ ᠢ ᠴᠠᠭ | ᠲᠤᠬᠠᠢ ᠳᠤᠨᠢ ᠬᠢᠨᠠᠨ ᠡᠵᠡᠮᠳᠡᠵᠦ ᠪᠠᠶᠢᠯ᠎ᠠ᠃ ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠴᠧᠩ ᠽᠧ ᠤᠰᠤᠨ ᠤ | ᠶᠠᠪᠤᠳᠠᠯ ᠤᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠶᠢᠨ ᠭᠤᠷᠪᠠᠨ ᠤᠰᠤᠨ ᠤ ᠦᠢᠯᠡᠳᠪᠦᠷᠢ ᠡᠳᠦᠷ ᠪᠦᠷᠢ | ᠪᠥᠬᠦ ᠬᠤᠲᠠ ᠶᠢᠨ ᠠᠷᠠᠳ ᠢᠷᠭᠡᠳ ᠲᠤ 6 ᠲᠦᠮᠡᠨ ᠲᠣᠨ ᠰᠢᠬᠠᠮ ᠲᠦᠭᠡᠭᠡᠯ ᠤᠰᠤ ᠬᠠᠩᠭᠠᠵᠤ᠂ ᠴᠠᠷᠴᠠᠭᠠᠬᠤ᠂ | ᠲᠤᠩᠭᠠᠬᠤ᠂ ᠠᠷᠢᠭᠤᠳᠬᠠᠬᠤ ᠵᠡᠷᠭᠡ ᠶᠠᠪᠤᠴᠠ ᠪᠠᠷ ᠤᠰᠤᠨ ᠬᠥᠭᠡᠷᠭᠡ ᠶᠢᠨ ᠥᠷᠲᠡᠭᠡ ᠪᠠᠷ ᠳᠠᠮᠵᠢᠭᠤᠯᠤᠨ ᠲᠦᠭ | ᠲᠦᠮᠡᠨ ᠡᠷᠦᠬᠡ ᠳᠤ ᠬᠦᠷᠭᠡᠵᠦ ᠪᠠᠶᠢᠨ᠎ᠠ᠃ | ︽ᠪᠢᠳᠡ ᠸᠢᠳᠢᠤ᠋ ᠪᠠᠷ ᠬᠢᠨᠠᠨ ᠡᠵᠡᠮᠳᠡᠬᠦ ᠪᠠ ᠬᠥᠮᠥᠨ ᠤ ᠬᠦᠴᠦ ᠪᠠᠷ ᠲᠣᠭᠤᠷᠢᠨ ᠪᠠᠶᠢᠴᠠᠭᠠᠬᠤ ᠶᠢ | ᠤᠶᠠᠯᠳᠤᠭᠤᠯᠬᠤ ᠠᠷᠭ᠎ᠠ ᠬᠡᠯᠪᠡᠷᠢ ᠪᠠᠷ ᠤᠰᠤ ᠬᠠᠩᠭᠠᠬᠤ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ | ᠲᠦᠪᠰᠢᠨ ᠢ ᠪᠠᠲᠤᠯᠠᠵᠤ᠂ ᠤᠰᠤᠨ ᠤ ᠡᠬᠢ ᠰᠤᠷᠪᠤᠯᠵᠢ ᠶᠢᠨ ᠭᠠᠵᠠᠷ ᠲᠤ 24 ᠴᠠᠭ ᠲᠠᠰᠤᠷᠠᠯ ᠦᠭᠡᠢ ᠸᠢᠳᠢᠤ᠋ ᠪᠠᠷ | ᠬᠢᠨᠠᠨ ᠡᠵᠡᠮᠳᠡᠬᠦ ᠶᠢᠨ ᠬᠠᠮᠲᠤ ᠡᠳᠦᠷ ᠪᠦᠷᠢ ᠲᠣᠭᠲᠠᠭᠰᠠᠨ ᠴᠠᠭ ᠦᠭᠡᠢ ᠪᠠᠷ 4 ᠤᠳᠠᠭ᠎ᠠ ᠬᠥᠮᠥᠨ ᠤ ᠬᠦᠴᠦ ᠪᠠᠷ | ᠲᠣᠭᠤᠷᠢᠨ ᠪᠠᠶᠢᠴᠠᠭᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠠᠮᠤᠷ ᠲᠦᠪᠰᠢᠨ ᠢ ᠪᠥᠬᠦ | ᠬᠦᠴᠦᠨ ᠢᠶᠠᠷ ᠪᠠᠲᠤᠯᠠᠨ᠎ᠠ︾ ᠭᠡᠵᠦ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠪᠦᠷᠢᠨ ᠪᠣᠰᠤ | ᠬᠠᠷᠢᠭᠤᠴᠠᠯᠭᠠᠲᠤ ᠺᠣᠮᠫᠠᠨᠢ ᠶᠢᠨ ᠬᠤᠶᠠᠳᠤᠭᠠᠷ ᠤᠰᠤᠨ ᠰᠤᠷᠪᠤᠯᠵᠢ ᠶᠢᠨ ᠬᠤᠶᠠᠳᠤᠭᠠᠷ ᠤᠰᠤᠨ ᠦᠢᠯᠡᠳᠪᠦᠷᠢ ᠶᠢᠨ | ᠳᠠᠷᠤᠭ᠎ᠠ ᠶᠤᠸᠠᠨ ᡁᠢ ᠵᠢᠶᠦ᠋ᠨ ᠰᠤᠷᠪᠤᠯᠵᠢᠯᠠᠭᠴᠢ ᠳᠤ ᠬᠡᠯᠡᠪᠡ᠃ | ᠨᠢᠭᠡ ᠲᠠᠯ᠎ᠠ ᠪᠠᠷ ᠤᠰᠤᠨ ᠤ ᠠᠮᠤᠷ ᠲᠦᠪᠰᠢᠨ ᠢ ᠠᠳᠬᠤᠵᠤ᠂ ᠨᠢᠭᠡ ᠲᠠᠯ᠎ᠠ ᠪᠠᠷ ᠤᠰᠤᠨ ᠤ ᠠᠮᠢ ᠠᠬᠤᠢ ᠶᠢ | ᠠᠳᠬᠤᠵᠤ᠂ ᠠᠮᠤᠷ ᠲᠦᠪᠰᠢᠨ ᠢᠶᠠᠷ ᠤᠰᠤ ᠬᠠᠩᠭᠠᠬᠤ ᠬᠠᠯᠬᠠᠪᠴᠢ ᠶᠢ ᠪᠠᠬᠢᠵᠢᠭᠦᠯᠦᠨ᠎ᠡ᠃ ᠣᠶᠢᠷ᠎ᠠ ᠶᠢᠨ | ᠵᠢᠯ ᠤᠳ ᠲᠤ᠂ ᠤᠯᠠᠭᠠᠨᠬᠤᠲᠠ ᠪᠣᠬᠢᠷ ᠤᠰᠤᠨ ᠤ ᠬᠤᠭᠤᠯᠠᠢ ᠶᠢᠨ ᠲᠣᠣᠷ ᠪᠠ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠬᠢᠷ ᠤᠰᠤ ᠶᠢ ᠴᠡᠪᠡᠷᠰᠢᠭᠦᠯᠬᠦ ᠪᠠᠷ ᠳᠠᠮᠵᠢᠨ | ᠰᠢᠢᠳᠪᠦᠷᠢᠯᠡᠯᠲᠡ ᠶᠢ ᠪᠠᠷᠢᠮᠵᠢᠶ᠎ᠠ ᠳᠤ ᠬᠦᠷᠦᠭᠦᠯᠦᠭᠰᠡᠨ ᠤ ᠳᠠᠷᠠᠭᠠᠬᠢ ᠤᠰᠤ ᠶᠢ ᠬᠤᠷᠢᠶᠠᠨ ᠠᠪᠴᠤ ᠠᠰᠢᠭᠯᠠᠵᠤ᠂ | ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠪᠠ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ | ᠨᠣᠷᠮ᠎ᠠ ᠶᠢ ᠳᠡᠭᠡᠭᠰᠢᠯᠡᠭᠦᠯᠦᠨ᠂ ᠤᠰᠤ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠪᠠ᠃ ᠤᠯᠠᠭᠠᠨᠬᠤᠲᠠ ᠶᠢᠨ | ᠴᠧᠩ ᠽᠧ ᠤᠰᠤᠨ ᠤ ᠶᠠᠪᠤᠳᠠᠯ ᠤᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠶᠢᠨ ᠭᠤᠣᠯ ᠬᠤᠲᠠ ᠶᠢᠨ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠶᠡᠷᠦᠩᠬᠡᠶᠢᠯᠡᠨ ᠰᠢᠢᠳᠪᠦᠷᠢᠯᠡᠬᠦ ᠲᠠᠰᠤᠭ ᠲᠤ᠂ | ᠡᠯ᠎ᠡ ᠲᠦᠷᠦᠯ ᠤᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠡᠮᠬᠢ ᠴᠡᠭᠴᠡ ᠲᠠᠢ ᠠᠵᠢᠯᠯᠠᠵᠤ᠂ ᠴᠡᠪᠡᠷᠬᠡᠨ | ᠰᠢᠢᠳᠪᠦᠷᠢᠯᠡᠭᠰᠡᠨ ᠳᠠᠬᠢᠯᠲᠠ ᠤᠰᠤ ᠶᠢ ᠬᠦᠷᠢᠨ ᠤ ᠭᠠᠳᠠᠨᠠᠬᠢ ᠲᠤᠶᠠᠭ᠎ᠠ ᠪᠠᠷ ᠠᠷᠢᠭᠤᠳᠬᠠᠭᠰᠠᠨ ᠤ ᠳᠠᠷᠠᠭ᠎ᠠ | ᠮᠠᠰᠢᠨ ᠢᠶᠠᠷ ᠳᠠᠮᠵᠢᠨ ᠪᠣᠯᠣᠳ ᠲᠡᠮᠦᠷ᠂ ᠢᠯᠴᠢ ᠶᠢᠨ ᠬᠦᠴᠦᠨ ᠵᠡᠷᠭᠡ ᠠᠵᠤ ᠠᠬᠤᠶᠢᠯᠠᠯ ᠤᠷᠤᠭᠤ ᠤᠷᠤᠰᠬᠠᠵᠤ᠂ | ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠵᠦ ᠪᠤᠢ᠃ | ︽ᠮᠠᠨ ᠤ ᠺᠣᠮᠫᠠᠨᠢ ᠶᠢᠨ ᠭᠤᠣᠯ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ | ᠭᠤᠣᠯᠳᠠᠭᠤ ᠪᠦᠬᠦ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠪᠠ ᠳᠠᠬᠢᠯᠲᠠ ᠤᠰᠤ ᠶᠢ ᠠᠰᠢᠭᠯᠠᠬᠤ ᠠᠵᠢᠯ ᠢ | ᠬᠠᠷᠢᠭᠤᠴᠠᠵᠤ᠂ 2022 ᠣᠨ ᠳᠤ 1127 ᠲᠦᠮᠡᠨ ᠲᠣᠨ ᠪᠣᠬᠢᠷ ᠤᠰᠤ ᠶᠢ ᠰᠢᠢᠳᠪᠦᠷᠢᠯᠡᠵᠦ᠂ 456 ᠲᠦᠮᠡᠨ | ᠲᠣᠨ ᠳᠠᠬᠢᠯᠲᠠ ᠤᠰᠤ ᠶᠢ ᠰᠢᠢᠳᠪᠦᠷᠢᠯᠡᠵᠦ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 40% ᠳᠤ | ᠬᠦᠷᠭᠡᠵᠡᠢ︾ ᠭᠡᠵᠦ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠪᠦᠷᠢᠨ ᠪᠣᠰᠤ ᠬᠠᠷᠢᠭᠤᠴᠠᠯᠭᠠᠲᠤ | ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ ᠺᠠᠩ ᠰᠢᠤᠸᠠᠢ ᠫᠢᠩ ᠰᠤᠷᠪᠤᠯᠵᠢᠯᠠᠭᠴᠢ ᠳᠤ ᠬᠡᠯᠡᠪᠡ᠃ ᠤᠰᠤ ᠪᠣᠯ | ᠠᠮᠢ ᠨᠠᠰᠤᠨ ᠤ ᠡᠬᠢ ᠰᠤᠷᠪᠤᠯᠵᠢ᠂ ᠦᠢᠯᠡᠳᠪᠦᠷᠢᠯᠡᠯ ᠤᠨ ᠴᠢᠬᠤᠯᠠ ᠵᠦᠢᠯ᠂ ᠠᠮᠢ ᠠᠬᠤᠢ ᠶᠢᠨ ᠰᠠᠭᠤᠷᠢ ᠮᠥᠨ᠃ | ᠤᠯᠠᠭᠠᠨᠬᠤᠲᠠ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ | ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠶᠡᠷᠦᠩᠬᠡᠢ ᠰᠡᠳᠬᠢᠮᠵᠢ ᠶᠢ ᠢᠮᠠᠭᠲᠠ ᠪᠠᠷᠢᠮᠲᠠᠯᠠᠵᠤ᠂ | ᠤᠰᠤᠨ ᠤ ᠠᠮᠤᠷ ᠲᠦᠪᠰᠢᠨ᠂ ᠤᠰᠤᠨ ᠤ ᠠᠮᠢ ᠠᠬᠤᠢ᠂ ᠤᠰᠤᠨ ᠤ ᠰᠣᠶᠣᠯ ᠤᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠭᠦᠨᠵᠡᠭᠡᠢ ᠳᠠᠷᠢᠵᠤ ᠨᠢᠮᠪᠠᠢ ᠠᠷᠠᠴᠢᠯᠠᠵᠤ ᠬᠤᠲᠠ ᠶᠢᠨ ᠤᠰᠤ ᠬᠠᠩᠭᠠᠬᠤ ︽ᠠᠷᠠᠳ ᠤᠨ | ᠠᠮᠢᠳᠤᠷᠠᠯ ᠤᠨ ᠱᠤᠭᠤᠮ︾ ᠢ ᠪᠠᠲᠤ ᠪᠠᠶᠢᠭᠤᠯᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠪᠠ ᠬᠦᠴᠦᠷᠬᠡᠭ ᠶᠡᠭᠡ ᠪᠠᠲᠤᠯᠠᠭ᠎ᠠ ᠬᠠᠩᠭᠠᠭᠰᠠᠨ ᠪᠠᠶᠢᠨ᠎ᠠ᠃ | |