ᠰᠦᠬᠡ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ ᠠᠬᠢᠭᠤᠯᠪᠠ
ᠨᠡᠶᠢᠲᠡᠯᠡᠭᠰᠡᠨ ᠴᠠᠭ᠄
2023/3/27
   3 ᠳ᠋ᠤᠭᠠᠷ ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠷᠢᠳ ᠬᠤᠵᠢᠳ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠳᠤ ᠭᠦᠨᠵᠡᠭᠡᠶᠢᠷᠡᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠲᠣᠰ ᠲᠣᠰ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠰᠦᠬᠡ ᠵᠢᠭᠠᠵᠤ ᠭᠠᠷᠭᠠᠭᠰᠠᠨ ᠨᠢ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠪᠥᠬᠦ ᠠᠶᠢᠮᠠᠭ ᠤᠨ ᠡᠷᠬᠡᠪᠰᠢ ᠲᠡᠷᠡ ᠬᠡᠪ ᠢᠶᠠᠷ ᠨᠢ ᠰᠠᠶᠢᠲᠤᠷ ᠪᠡᠶᠡᠯᠡᠭᠦᠯᠬᠦ ᠬᠡᠷᠡᠭᠲᠡᠶ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠪᠢᠳᠡ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠢᠳᠪᠦᠷᠢᠯᠡᠬᠦ ᠰᠡᠳᠬᠢᠬᠦᠢ︾ ᠶᠢ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠤᠲᠠᠭᠤᠳᠠᠯ ᠢᠶᠠᠨ ᠤᠯᠠᠮ ᠴᠢᠨᠠᠭᠰᠢᠳᠠ ᠨᠥᠬᠦᠪᠥᠷᠢᠯᠡᠵᠦ᠂ ᠳᠠᠪᠲᠠᠯᠲᠠ ᠶᠢ ᠴᠢᠨᠠᠭᠰᠢᠳᠠ ᠳᠠᠪᠲᠠᠨ ᠪᠣᠯᠪᠠᠰᠤᠷᠠᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ᠬᠡᠷᠡᠭᠲᠡᠢ ᠭᠡᠪᠡ᠃    ᠰᠦᠬᠡ ᠴᠢᠬᠤᠯᠠᠴᠢᠯᠠᠭᠰᠠᠨ ᠨᠢ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠪᠣᠯᠤᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠵᠡᠷᠭᠡ ︽ᠲᠠᠪᠤᠨ ᠶᠡᠭᠡ ᠡᠭᠦᠷᠭᠡ︾ ᠶᠢ ᠳᠥᠯᠭᠢᠨ ᠠᠬᠢᠭᠤᠯᠬᠤ ᠶᠢᠨ ᠲᠦᠷᠦᠭᠦᠯᠡᠬᠦ ᠰᠠᠯᠠᠭ᠎ᠠ ᠮᠥᠴᠢᠷ ᠤᠳ ᠲᠦᠷᠦᠭᠦᠯᠡᠨ ᠶᠡᠷᠦᠩᠬᠡᠶ ᠠᠵᠢᠯ ᠢ ᠠᠳᠬᠤᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠤᠳᠤᠯᠤᠨ ᠵᠠᠳᠠᠯᠬᠤ ᠪᠠ ᠰᠢᠪᠠᠳᠠᠨ ᠨᠠᠶᠢᠳᠠᠪᠤᠷᠢᠵᠢᠭᠤᠯᠬᠤ ᠵᠡᠷᠭᠡ ᠠᠵᠢᠯ ᠤᠨ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠡᠭᠦᠷᠭᠡ ᠬᠠᠷᠠᠯᠲᠠ᠂ ᠪᠣᠳᠠᠲᠠᠶ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠢ ᠪᠥᠬᠦ ᠲᠠᠯ᠎ᠠ ᠪᠠᠷ ᠡᠮᠬᠢᠯᠡᠨ ᠲᠣᠳᠣᠷᠬᠠᠶᠢᠯᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ  ᠭᠦᠢᠴᠡᠳᠭᠡᠨ᠂ ᠨᠡᠪᠲᠡᠷᠡᠯᠴᠡᠨ ᠵᠣᠯᠭᠠᠭᠤᠯᠬᠤ᠂ ᠬᠠᠮᠵᠢᠯᠴᠠᠨ ᠬᠠᠮᠵᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠮᠠᠨ ᠤ ᠠᠶᠢᠮᠠᠭ ᠲᠤ ᠠᠮᠢᠳᠤᠯᠢᠭ  ᠦᠢᠯᠡᠳᠦᠯᠭᠡ ᠶᠢ ᠪᠣᠶ ᠪᠣᠯᠭᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠡᠯ᠎ᠡ  ᠵᠦᠢᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ  ᠭᠡᠪᠡ᠃    ᠠᠶᠢᠮᠠᠭ ᠤᠨ ᠤᠳᠤᠷᠢᠳᠤᠯᠭ᠎ᠠ ᠵᠢᠶᠠᠩ ᠲᠢᠶᠠᠨ ᠬᠤ᠋᠂ ᠯᠢᠦ ᠮᠢᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠲᠤᠰ ᠶᠠᠷᠢᠯᠴᠠᠬᠤ ᠬᠤᠷᠠᠯ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号