ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ  ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/27
   3 ᠳ᠋ᠤᠭᠠᠷ ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠶᠢᠷᠢᠯᠤᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ  ᠤᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠠᠯᠭᠤᠯᠵᠦ᠂ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠥᠭᠡᠷᠡᠴᠢᠯᠡᠯᠲᠡ ᠨᠡᠬᠡᠬᠡᠯᠳᠡ ᠬᠢᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠮᠤ ᠪᠤᠳᠠᠭᠠᠨ ᠤ ᠦᠢᠯᠡᠳᠪᠦᠷᠢᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠪᠠ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ᠂ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ  ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠬᠢᠨ ᠨᠠᠮ ᠤᠨ ᠰᠤᠷᠭᠠᠭᠤᠯᠢ ᠶᠢᠨ ᠠᠵᠢᠯ ᠬᠢᠭᠡᠳ ᠨᠠᠮ ᠤᠨ ᠭᠤᠤᠯ ᠡᠭᠦᠷᠭᠡ ᠶᠢᠨ ᠤᠶᠠᠯᠳᠤᠯ ᠴᠡᠭ᠂ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠰᠢᠯᠢᠳᠡᠭ ᠬᠢᠴᠢᠶᠡᠯ ᠨᠡᠭᠡᠭᠡᠵᠦ᠂  ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ᠂ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠮᠠᠨ ᠤ ᠠᠶᠢᠮᠠᠭ ᠲᠤ ᠨᠤᠲᠤᠭᠰᠢᠭᠤᠯᠬᠤ ᠪᠠᠷ ᠢᠳᠡᠪᠬᠢᠲᠡᠶ ᠴᠢᠷᠮᠠᠶᠢᠵᠤ᠂ ᠨᠠᠮ ᠤᠨ ᠰᠤᠷᠭᠠᠭᠤᠯᠢ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠬᠢᠨ ᠥᠭᠡᠷᠡᠴᠢᠯᠡᠯᠲᠡ ᠬᠢᠬᠦ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠴᠢᠬᠤᠯᠠ ᠲᠠᠯ᠎ᠠ ᠶᠢ ᠬᠠᠷᠠᠭᠠᠯᠠᠨ᠂ ᠵᠠᠩᠭᠢᠯᠠᠭ᠎ᠠ ᠶᠢᠨ ᠲᠠᠯ᠎ᠠ ᠶᠢ ᠴᠢᠩᠭ᠎ᠠ ᠠᠩᠬᠠᠷᠴᠤ᠂ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠪᠡᠷᠰᠢᠶᠡᠯ᠂ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠥᠨᠢᠳᠡ ᠶᠢᠨ ᠠᠮᠢᠵᠢᠷᠠᠯ ᠤᠨ ᠬᠦᠴᠦᠨ ᠪᠠ ᠬᠦᠴᠦᠷᠬᠡᠭ ᠶᠡᠭᠡ ᠬᠥᠳᠡᠯᠭᠡᠬᠦ ᠬᠦᠴᠦᠨ  ᠨᠡᠮᠡᠷᠢᠯᠡᠬᠦ ᠬᠡᠷᠡᠭᠲᠡᠢ ᠭᠡᠪᠡ᠃    ᠬᠤᠷᠠᠯ ᠠᠴᠠ ︽ᠬᠢᠩᠭᠠᠨ ᠠᠶᠢᠮᠠᠭ ᠤᠨ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠤᠭᠰᠠᠨ 2023 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠶᠢ ᠰᠤᠳᠤᠯᠵᠠᠢ᠃ ᠪᠦᠬᠦᠯᠢ ᠴᠣᠭᠴᠠ ᠶᠢᠨ ᠲᠥᠰᠦᠯ ᠪᠣᠯᠤᠨ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠲᠠᠢ ᠬᠠᠷᠢᠴᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号