ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/27
   3 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ  ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠢᠩᠭᠠᠨ ᠠᠶᠢᠮᠠᠭ ᠤᠨ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠤᠭᠰᠠᠨ 2023 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠪᠠ ︽2023 ᠣᠨ ᠤ ᠬᠢᠩᠭᠠᠨ ᠠᠶᠢᠮᠠᠭ ᠤᠨ ᠠᠵᠤ  ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠭᠤᠤᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂  ᠵᠤᠭᠠᠴᠠᠯ ᠤᠨ ᠦᠢᠯᠡᠰ᠂ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ  ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠤᠴᠢᠷ ᠶᠠᠪᠤᠳᠠᠯ ᠢ ᠰᠤᠳᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠭ᠎ᠠ ᠪᠦᠷᠢᠳᠬᠡᠯ ᠤᠨ ᠠᠵᠢᠯ ᠪᠣᠯ ᠠᠵᠤ ᠠᠬᠤᠶ ᠶᠢᠨ ᠬᠥᠭᠵᠢᠯᠲᠡ ᠶᠢᠨ ︽ᠴᠠᠭ ᠠᠭᠤᠷ ᠤᠨ ᠬᠡᠮᠵᠢᠭᠦᠷ︾ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ  ᠤᠨ ᠶᠡᠷᠦᠩᠬᠡᠶ ᠱᠦᠵᠢ ᠰᠢ ᠶᠢᠨ ᠫᠢᠩ  ᠤᠨ ᠲᠤᠭ᠎ᠠ ᠪᠦᠷᠢᠳᠬᠡᠯ  ᠤᠨ ᠠᠵᠢᠯ  ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠣᠷᠣᠨ  ᠤ ᠬᠤᠯᠪᠣᠭᠳᠠᠯ ᠪᠥᠬᠦᠢ ᠲᠤᠭ᠎ᠠ ᠪᠦᠷᠢᠳᠬᠡᠯ  ᠤᠨ ᠠᠵᠢᠯ ᠤᠨ ᠬᠤᠷᠠᠯ  ᠤᠨ ᠵᠣᠷᠢᠭ ᠰᠠᠨᠠᠭ᠎ᠠ ᠶᠢ ᠡᠷᠡᠰ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ  ᠤᠨ ᠬᠠᠭᠤᠷᠮᠠᠭᠯᠠᠨ ᠵᠣᠬᠢᠶᠠᠬᠤ ᠣᠯᠠᠨᠲᠠ ᠴᠠᠭᠠᠵᠠᠯᠠᠬᠤᠶ᠎ᠠ ᠪᠡᠷᠬᠡ ᠲᠤᠰᠬᠠᠶ ᠵᠦᠢᠯ ᠢᠶᠠᠷ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠤᠯᠢ ᠶᠣᠰᠣᠭᠠᠷ ᠪᠦᠷᠢᠳᠬᠡᠬᠦ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠶᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠪᠥᠬᠦ ᠠᠶᠢᠮᠠᠭ  ᠤᠨ ᠲᠤᠭ᠎ᠠ ᠪᠦᠷᠢᠳᠬᠡᠯ  ᠤᠨ ᠠᠵᠢᠯ  ᠤᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ  ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠪᠣᠯ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠭᠤᠣᠯ ᠭᠠᠷᠳᠠᠴᠠ ᠪᠠ ᠲᠦᠷᠦᠯ ᠵᠦᠢᠯ ᠤᠨ ᠪᠢᠴᠢᠭ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠᠴᠢᠯᠠᠬᠤ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠡᠭᠦᠷᠭᠡ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠲᠣᠬᠢᠷᠠᠭᠤᠯᠤᠯᠲᠠ ᠶᠢᠨ ᠤᠳᠠᠭ᠎ᠠ ᠪᠠ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ  ᠵᠦᠢᠯ ᠤᠨ ᠬᠠᠷᠠᠯᠲᠠ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ  ᠭᠡᠪᠡ᠃    ᠬᠤᠷᠠᠯ ᠠᠴᠠ ᠴᠢᠩᠭᠠᠳᠬᠠᠭᠰᠠᠨ ᠨᠢ  ᠂ ᠠᠵᠤ ᠦᠢᠯᠡᠰ ᠪᠣᠯ ᠠᠵᠤ ᠠᠬᠤᠢ ᠶᠢᠨ ᠬᠥᠭᠵᠢᠯᠲᠡ ᠶᠢᠨ ᠵᠠᠩᠭᠢᠯᠠᠭ᠎ᠠ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠳᠠᠪᠠᠭᠤᠯᠢᠭ ᠣᠨᠴᠠᠯᠢᠭ ᠲᠠᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠵᠤ ᠦᠢᠯᠡᠰ ᠤᠨ  ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠵᠤᠭᠠᠴᠠᠯ ᠤᠨ ᠦᠢᠯᠡᠰ ᠪᠣᠯᠤᠨ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠵᠤ᠂ ᠬᠡᠷᠡᠭᠯᠡᠭᠡ ᠪᠣᠯᠤᠨ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠬᠦ ᠬᠡᠷᠡᠭᠲᠡᠢ᠃ ᠪᠦᠬᠦ ᠠᠶᠢᠮᠠᠭ ᠤᠨ ᠴᠠᠭ ᠠᠭᠤᠷ ᠤᠨ ᠠᠵᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠨᠠᠷᠢᠨ ᠨᠢᠭᠲᠠ ᠬᠢᠨᠠᠨ ᠬᠡᠮᠵᠢᠭᠰᠡᠨ᠂ ᠨᠠᠷᠢᠨ ᠣᠨᠣᠪᠴᠢᠲᠠᠢ ᠤᠷᠢᠳᠴᠢᠯᠠᠨ ᠮᠡᠳᠡᠭᠡᠯᠡᠭᠰᠡᠨ᠂ ᠨᠠᠷᠢᠯᠢᠭ ᠦᠢᠯᠡᠴᠢᠯᠡᠭᠰᠡᠨ᠂ ᠠᠷᠠᠳ ᠲᠦᠮᠡᠨ ᠳᠤ ᠬᠠᠨᠤᠮᠵᠢᠲᠠᠢ ᠤᠳᠤ ᠦᠶ᠎ᠡ ᠶᠢᠨ ᠴᠠᠭ ᠠᠭᠤᠷ ᠤᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ︽ᠲᠦᠷᠪᠡᠨ ᠵᠦᠢᠯ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠪᠤᠷᠢ ᠶᠢᠨ ᠦᠷ᠎ᠡ ᠪᠦᠲᠦᠭᠡᠯ ᠢ ᠪᠦᠲᠦᠮᠵᠢᠲᠡᠢ ᠪᠠᠬᠢᠵᠢᠭᠦᠯᠦᠨ ᠥᠷᠭᠡᠳᠬᠡᠵᠦ᠂ ᠬᠤᠳᠠ ᠬᠥᠳᠡᠭᠡ ᠪᠣᠯᠤᠨ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠬᠦ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠵᠤ ᠠᠬᠤᠢ ᠶᠢᠨ ᠨᠡᠮᠡᠭᠳᠡᠯ ᠪᠣᠯᠤᠨ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ ᠶᠢ ᠠᠬᠢᠭᠤᠯᠬᠤ ᠬᠡᠷᠡᠭᠲᠡᠢ  ᠭᠡᠪᠡ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠬᠤᠷᠠᠯ ᠳᠡᠭᠡᠷ᠎ᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ  ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠶᠡᠷᠦᠩᠬᠡᠶ ᠰᠠᠶᠢᠳ ᠯᠢ ᠴᠢᠶᠠᠩ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠶᠢᠮᠠᠭ ᠤᠨ ᠤᠴᠢᠷ ᠶᠠᠪᠤᠳᠠᠯ ᠢ ᠲᠣᠬᠢᠷᠠᠭᠤᠯᠤᠨ ᠪᠠᠶᠢᠷᠢᠯᠠᠭᠤᠯᠵᠠᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号