ᠰᠦᠨ ᠴᠢᠶᠠᠩ᠄ ᠬᠤᠨᠢ ᠬᠠᠷᠢᠭᠤᠯᠬᠤ ᠠᠴᠠ ᠪᠠᠨ ︽ᠳᠠᠭᠠᠭᠤᠯᠤᠭᠴᠢ︾ ᠪᠣᠯᠤᠭᠰᠠᠨ ᠨᠢ
ᠨᠡᠶᠢᠲᠡᠯᠡᠭᠰᠡᠨ ᠴᠠᠭ᠄
2023/3/28
     — — ᠡᠦ ᠶᠢᠩ ᠱᠠᠨ    ︽ᠬᠡᠯᠡᠪᠡᠯ᠂ ᠲᠡᠷᠡ ᠴᠢᠨᠢ ᠠᠢᠬᠤᠪᠲᠤᠷ ᠬᠥᠮᠦᠨ ᠰᠢᠤ︕︾ ᠭᠡᠵᠦ ᠬᠤᠨᠢ ᠲᠡᠵᠢᠭᠡᠬᠦ ᠲᠣᠮᠣ ᠡᠷᠦᠬᠡ ᠰᠦᠨ ᠴᠢᠶᠠᠩ ᠢ ᠳᠤᠷᠠᠳᠬᠤ ᠳᠤ ᠵᠠᠯᠠᠶᠢᠳ ᠬᠤᠰᠢᠭᠤᠨ ᠤ ᠰᠢᠨ ᠯᠢᠨ ᠪᠠᠯᠭᠠᠰᠤᠨ ᠤ ᠳ᠋ᠦᠩ  ᠹᠧᠩ ᠲᠣᠰᠬᠤᠨ ᠤ ᠠᠷᠠᠳ ᠴᠥᠮ ᠢᠩᠭᠢᠵᠦ  ᠬᠡᠯᠡᠨ᠎ᠡ᠃    ᠰᠦᠨ ᠴᠢᠶᠠᠩ ᠲᠠᠷᠢᠶᠠᠴᠢᠨ ᠤ ᠬᠡᠷ ᠲᠤ ᠳᠦᠷᠦᠵᠦ᠂ ᠬᠡᠷ ᠤᠨ ᠠᠮᠢᠳᠤᠷᠠᠯ ᠨᠢ ᠶᠠᠳᠠᠭᠤ ᠬᠦᠴᠢᠷᠳᠡᠯᠲᠡᠶ ᠠᠴᠠ ᠪᠣᠯᠵᠣ᠂ ᠠᠯᠢ ᠡᠷᠲᠡ ᠰᠤᠷᠤᠯᠭ᠎ᠠ ᠪᠠᠨ ᠬᠠᠶᠠᠵᠤ᠂ 14 ᠨᠠᠰᠤᠲᠠᠶ ᠳᠠᠭᠠᠨ ᠬᠤᠨᠢᠴᠢᠨ ᠬᠡᠤᠬᠡᠳ ᠪᠣᠯᠵᠣ᠂ ᠬᠡᠷ ᠤᠨ ᠵᠠᠷᠤᠳᠠᠯ ᠢᠶᠠᠨ ᠨᠥᠬᠦᠪᠥᠷᠢᠯᠡᠪᠡ᠃ ᠵᠣᠷᠢᠭ ᠰᠥᠰᠥ ᠲᠠᠢ ᠲᠡᠷᠡ ᠬᠤᠨᠢ ᠬᠠᠷᠢᠭᠤᠯᠬᠤ ᠶᠠᠪᠤᠴᠠ ᠳᠠᠭᠠᠨ ᠭᠠᠵᠠᠷ ᠪᠣᠯᠭᠠᠨ ᠳᠤ ᠠᠩᠬᠠᠷᠤᠯ ᠲᠠᠯᠪᠢᠵᠤ᠂ ᠬᠤᠨᠢ ᠲᠡᠵᠢᠭᠡᠬᠦ ᠮᠡᠷᠭᠡᠵᠢᠯ ᠢ ᠰᠤᠷᠴᠤ᠂ ᠪᠣᠷᠣᠯᠠᠭᠤᠯᠭ᠎ᠠ ᠶᠢᠨ ᠲᠤᠷᠰᠢᠯᠭ᠎ᠠ ᠬᠤᠷᠠᠮᠳᠤᠭᠤᠯᠳᠠᠭ᠃ 18 ᠨᠠᠰᠤᠲᠠᠶ ᠳᠠᠭᠠᠨ ᠲᠡᠷᠡ ᠨᠢᠭᠡᠨᠲᠡ ᠴᠠᠭ ᠲᠣᠬᠢᠶᠠᠯ ᠪᠣᠯᠤᠭᠰᠠᠨ ᠢ ᠮᠡᠳᠡᠭᠡᠳ ᠠᠪᠤ ᠡᠵᠢ ᠲᠠᠢ ᠪᠠᠨ ᠨᠡᠪᠲᠡᠷᠡᠯᠴᠡᠵᠦ᠂ ᠬᠤᠨᠢ ᠲᠡᠵᠢᠭᠡᠬᠦ ᠶᠢ ᠬᠦᠰᠡᠵᠦ ᠪᠠᠶᠢᠬᠤ ᠪᠠᠨ ᠢᠯᠡᠳᠬᠡᠪᠡ᠃ ᠠᠪᠤ ᠡᠵᠢ ᠶᠢᠨ ᠢᠶᠠᠨ ᠳᠡᠮᠵᠢᠯᠭᠡ ᠪᠠᠷ ᠰᠦᠨ ᠴᠢᠶᠠᠩ ᠡᠴᠦᠰ ᠲᠡᠭᠡᠨ 50 ᠬᠤᠨᠢ ᠲᠠᠢ ᠪᠣᠯᠵᠠᠶ᠃ ᠲᠡᠭᠦᠨ ᠤ ᠨᠠᠷᠢᠨ ᠨᠢᠮᠪᠠᠶ ᠬᠠᠷᠠᠭᠠᠯᠵᠠᠯ ᠳᠣᠣᠷ᠎ᠠ᠂ ᠬᠤᠨᠢᠨ ᠰᠦᠷᠦᠭ ᠠᠭᠠᠵᠢᠮ ᠢᠶᠠᠷ ᠪᠤᠵᠠᠭᠠᠶᠢᠷᠠᠪᠠ᠃ 2014 ᠣᠨ ᠳᠤ᠂ ᠰᠦᠨ ᠴᠢᠶᠠᠩ ᠪᠣᠷᠳᠣᠵᠤ ᠲᠠᠷᠭᠤᠯᠠᠭᠤᠯᠬᠤ ᠬᠤᠨᠢ ᠲᠡᠵᠢᠭᠡᠨ ᠦᠷᠡᠵᠢᠭᠦᠯᠬᠦ ᠬᠤᠷᠰᠢᠶ᠎ᠠ ᠶᠢ ᠪᠠᠶᠢᠭᠤᠯᠵᠤ᠂ 1500 ᠲᠡᠭᠰᠢ ᠳᠥᠷᠪᠡᠯᠵᠢᠨ ᠮᠧᠲᠷ ᠬᠤᠨᠢᠨ ᠤ ᠬᠠᠰᠢᠶ᠎ᠠ᠂ 400 ᠲᠡᠭᠰᠢ ᠳᠥᠷᠪᠡᠯᠵᠢᠨ  ᠮᠧᠲᠷ ᠪᠣᠷᠳᠣᠭᠠᠨ ᠤ ᠬᠥᠮᠥᠷᠭᠡ ᠶᠢ ᠪᠠᠶᠢᠭᠤᠯᠪᠠ᠃ ᠣᠳᠣᠬᠠᠨ ᠳᠤ ᠲᠡᠭᠦᠨ ᠤ ᠲᠡᠵᠢᠭᠡᠨ ᠦᠷᠡᠵᠢᠭᠦᠯᠬᠦ ᠬᠡᠪᠴᠢᠶ᠎ᠡ ᠨᠢ ᠨᠢᠭᠡᠨᠲᠡ 2000 ᠭᠠᠷᠤᠶ ᠪᠣᠯᠵᠣ᠂ ᠵᠥᠪᠬᠡᠨ 2022 ᠣᠨ ᠳᠤ 2000 ᠰᠢᠬᠠᠮ ᠲᠥᠯ ᠲᠥᠯᠯᠡᠵᠡᠶ᠃ ᠪᠣᠷᠣᠯᠠᠭᠤᠯᠭ᠎ᠠ ᠶᠢᠨ ᠲᠠᠯ᠎ᠠ ᠪᠠᠷ᠂ ᠲᠡᠷᠡ ᠾᠧᠪᠸᠢ ᠮᠤᠵᠢ ᠶᠢᠨ ᠪᠣᠷᠳᠣᠵᠤ ᠲᠠᠷᠭᠤᠯᠠᠭᠤᠯᠬᠤ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠲᠠᠢ ᠬᠠᠮᠲᠤᠷᠠᠵᠤ᠂ ᠶᠡᠭᠡ ᠬᠡᠮᠵᠢᠶᠡᠨ ᠤ ᠬᠤᠨᠢ ᠶᠢᠨ ᠪᠣᠷᠣᠯᠠᠭᠤᠯᠭ᠎ᠠ ᠶᠢᠨ ᠠᠰᠠᠭᠤᠳᠠᠯ ᠢ ᠰᠢᠢᠳᠪᠦᠷᠢᠯᠡᠪᠡ᠃ ᠥᠨᠥᠳᠦᠷ ᠤᠨ ᠰᠦᠨ ᠴᠢᠶᠠᠩ ᠤᠨ ᠵᠢᠯ ᠤᠨ ᠣᠷᠣᠯᠭ᠎ᠠ 100 ᠲᠦᠮᠡᠨ ᠲᠥᠭᠦᠷᠢᠭ ᠣᠷᠴᠢᠮ ᠳᠤ ᠲᠣᠭᠲᠠᠪᠤᠷᠢᠵᠢᠪᠠ᠃    ᠪᠠᠶᠠᠵᠢᠨ ᠴᠢᠨᠡᠭᠡᠯᠢᠭᠵᠢᠭᠰᠡᠨ ᠰᠦᠨ ᠴᠢᠶᠠᠩ ᠠᠶᠢᠯ ᠰᠠᠭᠠᠬᠠᠯᠲᠠ ᠶᠢᠨ ᠢᠶᠠᠨ ᠠᠬ᠎ᠠ ᠳᠡᠭᠦᠦ ᠨᠡᠷ ᠢ ᠮᠠᠷᠲᠠᠭᠰᠠᠨ ᠦᠭᠡᠢ᠂ ᠤᠯᠠᠨ ᠢᠶᠠᠷ ᠢᠶᠠᠨ ᠲᠡᠭᠦᠨ ᠤ ᠬᠤᠨᠢ ᠲᠡᠵᠢᠭᠡᠬᠦ ᠮᠡᠷᠭᠡᠵᠢᠯ ᠳᠤ ᠳᠤᠷ᠎ᠠ ᠰᠣᠨᠢᠷᠬᠠᠯ ᠲᠠᠢ ᠪᠠᠶᠢᠬᠤ ᠶᠢ ᠦᠵᠡᠭᠡᠳ᠂ ᠲᠡᠷᠡ ᠥᠪᠡᠷ ᠤᠨ ᠪᠡᠶ᠎ᠡ ᠪᠠᠨ ᠬᠠᠶᠢᠷᠠᠯᠠᠵᠤ᠂ ᠤᠯᠠᠨ ᠳᠤ ᠬᠤᠨᠢ ᠪᠣᠯᠤᠭᠰᠠᠨ ᠢᠶᠠᠷ ᠪᠠᠷᠠᠬᠤ ᠦᠭᠡᠢ ᠪᠠᠰᠠ ᠲᠡᠳᠡᠨ ᠳᠤ ᠪᠣᠷᠣᠯᠠᠭᠤᠯᠭ᠎ᠠ ᠶᠢᠨ ᠳᠡᠮᠵᠢᠯᠭᠡ ᠦᠵᠡᠭᠦᠯᠪᠡ᠃ ︽ᠪᠢᠳᠠ ᠬᠤᠨᠢ ᠪᠠᠨ ᠪᠦᠷ ᠲᠡᠭᠦᠨ ᠤ ᠠᠳᠡ ᠠᠴᠠ ᠬᠤᠳᠠᠯᠳᠤᠨ ᠠᠪᠤᠭᠰᠠᠨ ᠶᠤᠮ᠂ ᠬᠤᠨᠢ ᠬᠤᠳᠠᠯᠳᠤᠨ ᠠᠪᠬᠤ ᠪᠠᠷ ᠪᠠᠷᠠᠬᠤ ᠦᠭᠡᠢ᠂ ᠪᠠᠰᠠ ᠲᠡᠭᠦᠨ ᠠᠴᠠ ᠬᠤᠨᠢ ᠲᠡᠵᠢᠭᠡᠬᠦ ᠮᠡᠷᠭᠡᠵᠢᠯ ᠢ ᠰᠤᠷᠴᠠᠢ᠃ ᠨᠢᠳᠤᠨᠤᠨ ᠵᠤᠨ ᠲᠡᠷᠡ ᠪᠠᠰᠠ ᠨᠠᠳᠠ ᠶᠢ ᠬᠠᠪᠰᠤᠷᠤᠨ ᠬᠠᠶᠢᠯᠠᠷ ᠲᠤ ᠶᠡᠭᠡ ᠬᠡᠮᠵᠢᠶᠡᠨ ᠤ ᠬᠤᠷᠠᠭ᠎ᠠ ᠬᠤᠳᠠᠯᠳᠤᠨ ᠥᠭᠴᠦ᠂ ᠨᠠᠳᠠ ᠳᠤ ᠶᠡᠭᠡ ᠬᠡᠮᠵᠢᠶᠡᠨ ᠤ ᠣᠯᠵᠠ ᠣᠯᠭᠤᠵᠠᠢ︕︾ ᠭᠡᠵᠦ ᠬᠡᠯᠡᠪᠡ᠃ ᠳ᠋ᠦᠩ ᠹᠧᠩ ᠲᠣᠰᠬᠤᠨ ᠤ ᠠᠷᠠᠳ ᠭᠸᠤ ᠢᠦᠢ ᠪᠦᠦ᠄ ︽ᠮᠠᠨ ᠤ ᠭᠡᠷ ᠲᠤ ᠤᠳᠤ ᠨᠢᠭᠡᠨᠲᠡ 700 ᠰᠢᠬᠠᠮ ᠬᠤᠨᠢ ᠲᠠᠢ ᠪᠣᠯᠪᠠ᠂ ᠳᠠᠷᠠᠭᠠᠴᠢ ᠶᠢᠨ ᠠᠯᠬᠤᠮ ᠳᠤ ᠪᠢ ᠬᠤᠨᠢᠨ ᠤ ᠰᠠᠷᠠᠪᠴᠢ ᠶᠢᠨ ᠲᠠᠯᠠᠪᠠᠢ ᠪᠠᠨ ᠥᠷᠭᠡᠳᠬᠡᠵᠦ᠂ ᠳ᠋ᠦᠩ ᠹᠧᠩ ᠲᠣᠰᠬᠤᠨ ᠤ ᠬᠤᠶᠠᠳᠤᠭᠠᠷ ᠲᠤᠮᠤ ᠲᠡᠵᠢᠭᠡᠨ ᠦᠷᠡᠵᠢᠭᠦᠯᠬᠦ ᠡᠷᠦᠬᠡ ᠪᠣᠯᠬᠤ ᠪᠠᠷ ᠴᠢᠷᠮᠠᠶᠢᠨ᠎ᠠ︕︾ ᠭᠡᠵᠦ ᠬᠡᠯᠡᠪᠡ᠃    ᠰᠦᠨ ᠴᠢᠶᠠᠩ ᠤᠨ ᠳᠠᠭᠠᠭᠤᠯᠭ᠎ᠠ ᠪᠠᠷ᠂ ᠳ᠋ᠦᠩ ᠹᠧᠩ ᠲᠣᠰᠬᠤᠨ ᠳᠤ ᠤᠷᠢᠳ ᠬᠤᠵᠢᠳ 20 ᠲᠡᠵᠢᠭᠡᠨ ᠦᠷᠡᠵᠢᠭᠦᠯᠬᠦ ᠡᠷᠦᠬᠡ ᠬᠤᠨᠢ ᠲᠡᠵᠢᠭᠡᠬᠦ ᠡᠩᠨᠡᠭᠡ ᠳᠤ ᠣᠷᠣᠵᠤ᠂ ᠣᠳᠣᠬᠠᠨ ᠳᠤ ᠲᠡᠵᠢᠭᠡᠨ ᠦᠷᠡᠵᠢᠭᠦᠯᠬᠦ ᠶᠡᠷᠦᠩᠬᠡᠢ  ᠬᠡᠪᠴᠢᠶ᠎ᠡ ᠨᠢ 2 ᠲᠦᠮᠡ ᠶᠢ ᠳᠠᠪᠠᠵᠤ᠂ ᠡᠷᠦᠬᠡ ᠪᠦᠷᠢ ᠶᠢᠨ ᠵᠢᠯ ᠤᠨ ᠳᠤᠮᠳᠠᠴᠢ ᠣᠷᠣᠯᠭ᠎ᠠ ᠨᠢ 3 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号