ᠬᠢᠩᠭᠠᠨ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠪᠥᠬᠦ ᠤᠯᠤᠰ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠴᠤᠭᠯᠠᠭᠠᠨ  ᠳᠤ ᠢᠯᠡᠷᠡᠪᠡ
ᠨᠡᠶᠢᠲᠡᠯᠡᠭᠰᠡᠨ ᠴᠠᠭ᠄
2023/3/28
   3 ᠰᠠᠷ᠎ᠠ ᠶᠢᠨ 24 ᠤ ᠡᠳᠦᠷ᠂ 2023 ᠣᠨ ᠤ ᠪᠥᠬᠦ ᠤᠯᠤᠰ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠴᠤᠭᠯᠠᠭᠠᠨ ︵ᠱᠧᠨᠵᠧᠨ ᠥᠷᠲᠡᠭᠡ︶ ᠱᠧᠨᠵᠧᠨ ᠤ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠵᠤ᠂ ᠥᠪᠥᠷ ᠮᠣᠩᠭᠤᠯ᠂ ᠱᠠᠨᠰᠢ᠂ ᠨᠢᠩᠰᠢᠶᠠ ᠵᠡᠷᠭᠡ ᠣᠯᠠᠨ ᠮᠤᠵᠢ ᠬᠤᠲᠠ ᠶᠢᠨ ᠴᠢᠨᠠᠷ ᠰᠠᠶᠢᠲᠠᠶ ᠪᠣᠬᠢᠷᠲᠤᠯ ᠥᠬᠡᠶ‌‍ᠲ᠋ᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠴᠤᠭᠯᠠᠷᠠᠭᠤᠯᠵᠠᠶ᠃ ᠦᠵᠡᠭᠦᠯᠦᠯᠭᠡ ᠶᠢᠨ ᠴᠤᠭᠯᠠᠭᠠᠨ ᠳᠡᠭᠡᠷ᠎ᠡ᠂ ᠬᠢᠩᠭᠠᠨ ᠠᠶᠢᠮᠠᠭ ᠲᠤ ᠦᠵᠡᠭᠦᠯᠦᠯᠭᠡ ᠶᠢᠨ ᠪᠠᠶᠢᠷᠢ ᠭᠠᠷᠭᠠᠵᠤ᠂ ᠡᠯ᠎ᠡ ᠲᠦᠷᠦᠯ ᠤᠨ ᠬᠢᠩᠭᠠᠨ ᠠᠶᠢᠮᠠᠭ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠦᠵᠡᠭᠦᠯᠦᠯᠭᠡ ᠶᠢᠨ ᠴᠤᠭᠯᠠᠭᠠᠨ  ᠳᠤ ᠢᠯᠡᠷᠡᠪᠡ᠃    ᠬᠢᠩᠭᠠᠨ ᠠᠶᠢᠮᠠᠭ ᠤᠨ ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠨᠢ ᠱᠧᠨᠵᠧᠨ ᠤ ᠬᠤᠳᠠ ᠶᠢᠨ ᠠᠷᠠᠳ ᠲᠤ ᠥᠪᠡᠷᠮᠢᠴᠡ ᠣᠨᠴᠠᠯᠢᠭ ᠲᠠᠢ ᠬᠢᠩᠭᠠᠨ ᠠᠶᠢᠮᠠᠭ ᠤᠨ ᠲᠤᠲᠤᠷᠭ᠎ᠠ ᠪᠣᠯᠤᠨ ᠬᠢᠩᠭᠠᠨ ᠠᠶᠢᠮᠠᠭ ᠤᠨ ᠬᠤᠨᠢᠨ ᠮᠢᠬ᠎ᠠ ᠶᠢ ᠠᠪᠴᠢᠷᠠᠵᠤ᠂ ᠠᠰᠠᠭᠤᠨ ᠯᠠᠪᠯᠠᠬᠤ ᠪᠠᠷ ᠢᠷᠡᠭᠰᠡᠨ ᠪᠠ ᠬᠤᠳᠠᠯᠳᠤᠨ ᠠᠪᠬᠤ ᠪᠠᠷ ᠢᠷᠡᠭᠰᠡᠨ ᠬᠥᠮᠦᠰ ᠲᠠᠰᠤᠷᠠᠯᠳᠡ ᠦᠭᠡᠢ ᠣᠯᠠᠰᠢᠷᠠᠵᠠᠢ᠃ ᠬᠡᠰᠡᠭ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠂ ᠲᠠᠪᠴᠠᠩ ᠨᠢ ᠬᠢᠩᠭᠠᠨ ᠠᠶᠢᠮᠠᠭ ᠤᠨ ᠲᠤᠲᠤᠷᠭ᠎ᠠ᠂ ᠬᠢᠩᠭᠠᠨ ᠠᠶᠢᠮᠠᠭ ᠤᠨ ᠬᠤᠨᠢᠨ ᠮᠢᠬ᠎ᠠ ᠶᠢᠨ ᠡᠷᠬᠡ ᠣᠯᠭᠤᠭᠰᠠᠨ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃
 
ᠢᠷᠡᠯᠲᠡ᠄ ᠬᠢᠩᠭᠠᠨ ᠤ ᠷᠠᠳᠢᠣ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号