ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠮᠡᠳᠡᠭᠡ ︵2022 ᠤᠨ ᠤ ᠲᠤᠷᠪᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2023/3/29
                                  ᠭᠠᠷᠴᠠᠭᠬᠢᠩᠭᠠᠨ ᠠᠶᠢᠮᠠᠭ ᠤᠨ ᠵᠠᠬᠢᠷᠭ᠎ᠠ ᠶᠢᠨ ᠪᠢᠴᠢᠭ ᠮᠠᠲ᠋ᠧᠷᠢᠶᠠᠯ      ᠬᠢᠩᠭᠠᠨ ᠠᠶᠢᠮᠠᠭ ᠤᠨ ᠵᠠᠬᠢᠷᠭ᠎ᠠ ᠶᠢᠨ  ︽ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ  ︵2022 — 2024 ᠣᠨ︶︾ ᠶᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠪᠢᠴᠢᠭ ᠮᠠᠲ᠋ᠧᠷᠢᠶᠠᠯ    1.ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠪᠣᠳᠠᠲᠠᠶ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ    2. ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ   ᠤᠨ  ︽ᠬᠢᠩᠭᠠᠨ ᠠᠶᠢᠮᠠᠭ ᠤᠨ 2023 ᠣᠨ ᠤ ᠴᠢᠬᠤᠯᠠ ᠶᠡᠭᠡ ᠲᠥᠷᠥᠯ  ᠵᠦᠢᠯ ᠤᠨ ᠠᠵᠢᠯ ᠡᠬᠢᠯᠡᠭᠦᠯᠬᠦ ᠭᠠᠷᠳᠠᠮ ᠢ ︿  ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ  ﹀ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ    3. ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤ ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ    4.ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ  ᠲᠠᠳᠠᠵᠦ  ᠤᠷᠤᠭᠤᠯᠬᠤ ᠲᠤᠰᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠪᠠ ᠨᠡᠭᠦᠳᠡᠯ ᠠᠷᠠᠳ ᠢ ᠲᠤᠪᠬᠢᠨᠡᠭᠦᠯᠬᠦ   2023 ᠣᠨ ᠤ ᠠᠵᠢᠯ ᠤᠨ ᠲᠥᠯᠥᠪᠯᠡᠭᠡ ︵ᠬᠢᠩᠭᠠᠨ ᠠᠶᠢᠮᠠᠭ ᠤᠨ ᠬᠡᠰᠡᠭ  ︶︾ ᠶᠢᠨ ᠲᠤᠬᠠᠶ ᠮᠡᠳᠡᠭᠳᠡᠯ  ᠬᠢᠩᠭᠠᠨ ᠠᠶᠢᠮᠠᠭ ᠤᠨ ᠵᠠᠬᠢᠷᠭ᠎ᠠ ᠶᠢᠨ  ︽ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ  ︵2022 — 2024 ᠣᠨ ︶︾ ᠶᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ            ᠬᠢᠩᠭᠠᠨ ᠵᠠᠬᠢᠷᠭ᠎ᠠ ᠦᠰᠦᠭ 〔 2022 〕 129 ᠳ᠋ᠤᠭᠡᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2022 — 2024 ᠣᠨ︶︾ ᠶᠢ ᠡᠳᠦᠭᠡ ᠲᠠᠨᠠᠷ ᠲᠤ ᠳᠠᠷᠤᠮᠠᠯᠯᠠᠨ‌‍ᠲ᠋ᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                             2022 ᠣᠨ ᠤ 10 ᠰᠠᠷ᠎ᠠ ᠶᠢᠨ 19 ᠤ ᠡᠳᠦᠷ                                    ︵ᠲᠣᠰ ᠪᠢᠴᠢᠭ ᠮᠠᠲ᠋ᠧᠷᠢᠶᠠᠯ ᠢ ᠢᠯᠡ‌ᠨᠡᠶᠢᠲᠡᠯᠡᠨ᠎ᠡ︶    ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ    ᠲᠠᠯᠠᠪᠤᠷ ᠤᠨ ᠪᠠᠭᠠᠵᠢ ᠬᠡᠷᠡᠭᠰᠡᠯ ᠤᠨ ᠪᠦ᠋ᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠲᠦᠯᠦᠪᠯᠡᠭᠡ  ︵2022 — 2024 ᠣᠨ︶          ᠪᠦᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ︾ ︵ᠥᠪᠥᠷ ᠨᠠᠮ ᠲᠠᠷᠬᠠᠭᠠᠭᠰᠠᠨ ︹ 2021 ︺ 30 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠲᠠᠢ ᠬᠠᠷᠢᠴᠠᠭᠤᠯᠤᠨ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠪᠠᠭᠠᠵᠢ ᠬᠡᠷᠡᠭᠰᠡᠯ ᠵᠡᠷᠭᠡ ᠳᠤᠲᠠᠭᠤᠳᠠᠯ ᠢ ᠨᠥᠬᠦᠪᠥᠷᠢᠯᠡᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠬᠥᠮᠦᠨ ᠬᠥᠮᠦᠵᠢᠭᠦᠯᠬᠦ ᠶᠡᠷᠦᠩᠬᠡᠶᠢᠯᠡᠭᠰᠡᠨ ᠴᠢᠳᠠᠮᠵᠢ ᠶᠢ ᠴᠢᠩᠭᠠᠷᠠᠭᠤᠯᠵᠤ᠂ ᠣᠯᠠᠨ ᠶᠠᠩᠵᠤ ᠶᠢᠨ ᠂ ᠣᠳᠣᠬᠢᠴᠢᠯᠠᠭᠰᠠᠨ᠂ ᠴᠢᠨᠠᠷ ᠰᠠᠶᠢᠲᠠᠶ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃    ᠬᠤᠶᠠᠷ᠂ ᠭᠤᠣᠯ ᠬᠠᠷᠠᠯᠲᠠ    2024 ᠣᠨ ᠪᠣᠯᠬᠤ ᠳᠤ᠂ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ︵ᠣᠷᠳᠣᠨ︶ ᠶᠢᠨ ᠲᠠᠯᠠᠪᠠᠶ ᠶᠢᠨ ᠪᠠᠷᠢᠮᠵᠢᠶ᠎ᠠ ᠳᠤ ᠬᠥᠷᠬᠦ ᠬᠠᠷᠢᠴᠠᠯ ᠢ 90% ᠠᠴᠠ ᠳᠣᠤᠷ᠎ᠠ ᠪᠠᠶᠢᠯᠭᠠᠬᠤ ᠥᠬᠡᠶ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠳᠤ ᠬᠥᠷᠬᠦ ᠬᠠᠷᠢᠴᠠᠯ ᠢ 95% ᠠᠴᠠ ᠳᠣᠤᠷ᠎ᠠ ᠪᠠᠶᠢᠯᠭᠠᠬᠤ ᠥᠬᠡᠶ︔ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠠᠶ ᠶᠢᠨ ᠲᠥᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠳᠤ ᠬᠥᠷᠬᠦ ᠬᠠᠷᠢᠴᠠᠯ ᠢ 95% ᠠᠴᠠ ᠳᠣᠤᠷ᠎ᠠ ᠪᠠᠶᠢᠯᠭᠠᠬᠤ ᠥᠬᠡᠶ᠃ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠨᠥᠬᠦᠴᠡᠯ ᠢ ᠦᠨᠡᠨᠬᠦ ᠳᠡᠭᠡᠭᠰᠢᠯᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ  ᠭᠦᠢᠴᠡᠳ ᠪᠥᠭᠡᠳ ᠪᠦᠷᠢᠨ  ᠭᠦᠢᠴᠡᠳ ᠨᠡᠭᠡᠭᠡᠬᠦ ᠶᠢ ᠭᠦᠢᠴᠡᠳ ᠪᠠᠲᠤᠯᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠳᠣᠲᠣᠷᠠᠬᠢ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠭᠠᠵᠠᠷ ᠪᠠ ᠰᠤᠷᠭᠠᠭᠤᠯᠢ ᠶᠢᠨ ᠭᠠᠳᠠᠨᠠᠬᠢ ᠬᠥᠳᠡᠯᠮᠦᠷᠢ ᠶᠢᠨ ᠬᠥᠮᠦᠵᠢᠯ ᠤᠨ  ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠤᠷᠤᠭᠴᠢᠳ ᠤᠨ ᠬᠥᠳᠡᠯᠮᠦᠷᠢ ᠶᠢᠨ  ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠳᠤ ᠴᠢᠬᠤᠯᠠ ᠪᠥᠬᠦᠶ ᠪᠠᠲᠤᠯᠠᠭ᠎ᠠ ᠬᠠᠩᠭᠠᠨ᠎ᠠ᠃    ᠭᠤᠷᠪᠠ᠂ ᠭᠤᠣᠯ ᠡᠭᠦᠷᠭᠡ    ︵ᠨᠢᠭᠡ︶ ᠰᠤᠷᠭᠠᠭᠤᠯᠢ ᠶᠢᠨ ᠪᠡᠶ᠎ᠡ ᠶᠢᠨ ᠲᠠᠮᠢᠷ  ᠤᠨ ᠲᠠᠯᠠᠪᠠᠢ ᠶᠢᠨ ᠪᠠᠭᠠᠵᠢ ᠬᠡᠷᠡᠭᠰᠡᠯ  ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ    ᠡᠯ᠎ᠡ ᠭᠠᠵᠠᠷ ᠤᠨ ᠬᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠠᠭᠠᠵᠢ ᠬᠡᠷᠡᠭᠰᠡᠯ ᠤᠨ ᠪᠠᠶᠢᠭᠤᠯᠤᠯᠲᠠ ᠶᠢ ᠠᠯᠪᠠᠨ ᠵᠢᠷᠤᠮ ᠤᠨ ᠰᠤᠷᠭᠠᠨ ᠤᠯᠤᠰ ᠠᠴᠠ ᠳᠣᠭᠢᠷᠠᠭᠤᠯᠬᠤ᠂ ᠠᠮᠤᠷ ᠲᠦᠪᠰᠢᠨ ᠪᠠ ᠶᠠᠰᠤ ᠴᠢᠨᠠᠷ ᠤᠨ ᠪᠠᠷᠢᠮᠵᠢᠶ᠎ᠠ ᠶᠣᠰᠣᠭᠠᠷ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠥᠲᠥᠭᠡᠨ ᠪᠠᠶᠢᠭᠤᠯᠵᠤ᠂ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠨᠤᠭᠤᠳ ᠰᠣᠷᠣᠭᠴᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠲᠠᠯᠠᠪᠠᠶ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠡᠷᠭᠢᠯᠡᠬᠦ ᠦᠨᠳᠦᠰᠦᠨ ᠪᠠᠷᠢᠮᠵᠢᠶ᠎ᠠ ᠶᠢᠨ ᠱᠠᠭᠠᠷᠳᠠᠯᠭ᠎ᠠ ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠪᠠᠭᠠᠵᠢ ᠬᠡᠷᠡᠭᠰᠡᠯ ᠳᠣᠭᠢᠷᠠᠭᠤᠯᠬᠤ ᠳᠤ᠂ ᠰᠤᠷᠭᠠᠨ ᠬᠥᠮᠦᠵᠢᠯ ᠤᠨ ᠶᠠᠮᠤᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠵᠢᠭᠠᠨ ᠰᠤᠷᠭᠠᠯᠲᠠ ᠶᠢᠨ ᠪᠠᠭᠠᠵᠢ ᠬᠡᠷᠡᠭᠰᠡᠯ ᠳᠣᠭᠢᠷᠠᠭᠤᠯᠬᠤ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠳᠣᠭᠢᠷᠠᠭᠤᠯᠬᠤ ᠵᠢᠷᠤᠮᠵᠢᠯ᠂ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠳᠣᠭᠢᠷᠠᠭᠤᠯᠬᠤ ᠵᠢᠷᠤᠮᠵᠢᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠳᠣᠭᠢᠷᠠᠭᠤᠯᠬᠤ᠂ ᠬᠠᠮᠢᠶᠠᠷᠬᠤ᠂ ᠬᠡᠷᠡᠭᠯᠡᠬᠦ ᠵᠡᠷᠭᠡ ᠲᠠᠯ᠎ᠠ ᠶᠢᠨ ᠲᠦᠷᠢᠮ ᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠵᠤ᠂ ᠨᠥᠬᠦᠴᠡᠯ ᠲᠠᠢ ᠰᠤᠷᠭᠠᠭᠤᠯᠢ ᠨᠤᠭᠤᠳ ᠣᠨᠣᠪᠴᠢ ᠶᠢᠨ ᠬᠡᠮᠵᠢᠶ᠎ᠡ ᠪᠠᠷ ᠥᠨᠳᠥᠷ᠂ ᠠᠵᠢᠯᠯᠠᠬᠤ ᠳᠤ ᠲᠥᠬᠦᠮ᠂ ᠦᠷ᠎ᠡ ᠪᠦᠲᠦᠮᠵᠢ ᠪᠠᠷ ᠥᠨᠳᠥᠷ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠯᠧᠺᠲᠷᠣᠨ ᠰᠢᠯᠭᠠᠯᠲᠠ ᠶᠢᠨ ᠲᠥᠬᠦᠭᠡᠷᠦᠮᠵᠢ ᠵᠢᠴᠢ ︽ᠤᠯᠤᠰ ᠤᠨ ᠰᠣᠷᠣᠭᠴᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ︾ ᠶᠢᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠲᠥᠬᠦᠭᠡᠷᠦᠮᠵᠢ ᠶᠢ ᠳᠣᠭᠢᠷᠠᠭᠤᠯᠬᠤ ᠪᠤᠶᠤ ᠭᠤᠷᠪᠠᠳᠠᠬᠢ ᠡᠲᠡᠭᠡᠳ ᠤᠨ ᠰᠢᠯᠭᠠᠯᠲᠠ ᠶᠢᠨ  ᠦᠢᠯᠡᠴᠢᠯᠡᠭᠡ ᠶᠢ ᠬᠤᠳᠠᠯᠳᠤᠨ ᠠᠪᠴᠤ ᠪᠣᠯᠤᠨ᠎ᠠ᠃ ᠰᠤᠷᠭᠠᠭᠤᠯᠢ ᠨᠤᠭᠤᠳ ᠤᠨ ᠣᠷᠣᠨ ᠨᠤᠲᠤᠭ ᠤᠨ ᠣᠨᠴᠠᠯᠢᠭ ᠲᠠᠢ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠥᠷᠥᠯ  ᠵᠦᠢᠯ ᠢ ᠥᠷᠨᠢᠭᠦᠯᠬᠦ ᠶᠢ ᠵᠣᠷᠢᠭᠵᠢᠭᠤᠯᠵᠤ᠂ ᠵᠣᠬᠢᠬᠤ ᠪᠠᠭᠠᠵᠢ ᠬᠡᠷᠡᠭᠰᠡᠯ ᠪᠡᠯᠡᠳᠬᠡᠮᠵᠢ ᠳᠣᠭᠢᠷᠠᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠲᠤᠰᠬᠠᠶ ᠮᠡᠷᠭᠡᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠠᠵᠢᠯ ᠮᠡᠷᠭᠡᠵᠢᠯ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠤᠷᠠᠨ ᠲᠠᠷᠬᠠᠨ ᠤ ᠵᠣᠷᠢᠭ ᠰᠠᠨᠠᠭ᠎ᠠ ᠪᠠ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠬᠥᠳᠡᠯᠮᠦᠷᠢ ᠶᠢᠨ ᠣᠪᠣᠷ ᠢ ᠪᠤᠢ ᠪᠣᠯᠭᠠᠨ᠎ᠠ︔ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠲᠠᠢ ᠪᠠᠨ ᠤᠶᠠᠯᠳᠤᠭᠤᠯᠤᠨ  ᠦᠢᠯᠡᠳᠪᠦᠷᠢᠯᠡᠯ ᠬᠥᠳᠡᠯᠮᠦᠷᠢ ᠪᠠ  ᠦᠢᠯᠡᠴᠢᠯᠡᠭᠡᠨ ᠤ ᠴᠢᠨᠠᠷᠲᠠᠶ ᠬᠥᠳᠡᠯᠮᠦᠷᠢ ᠥᠷᠨᠢᠭᠦᠯᠵᠦ᠂ ᠮᠠᠷᠺᠰ ᠤᠨ ᠦᠵᠡᠯ ᠤᠨ ᠬᠥᠳᠡᠯᠮᠦᠷᠢ ᠶᠢᠨ ᠦᠵᠡᠯᠲᠡ ᠶᠢᠨ ᠬᠥᠮᠦᠵᠢᠯ ᠢ ᠴᠢᠩᠭᠠᠷᠠᠭᠤᠯᠤᠨ᠂ ᠰᠤᠷᠤᠭᠴᠢᠳ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠪᠠ ᠠᠵᠢᠯ ᠣᠯᠵᠤ ᠠᠳᠠᠯ  ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    ︵ᠬᠤᠶᠠᠷ︶ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ  ᠤ ᠪᠡᠯᠡᠳᠬᠡᠮᠵᠢ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ    ᠡᠯ᠎ᠡ ᠭᠠᠵᠠᠷ ᠤᠨ ᠬᠢᠨ ᠣᠷᠣᠨ ᠪᠦᠰᠡ ᠶᠢᠨ ᠳᠣᠲᠣᠷᠠᠬᠢ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠢᠴᠢ ᠪᠡᠯᠡᠳᠬᠡᠮᠵᠢ ᠶᠢᠨ ᠬᠡᠷᠡᠭᠯᠡᠯᠲᠡ ᠶᠢ ᠵᠦᠶ ᠵᠣᠬᠢᠰᠲᠠᠶ ᠳᠣᠭᠢᠷᠠᠭᠤᠯᠤᠨ᠂ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠬᠦ ᠳᠤ ᠨᠠᠩ ᠣᠯᠠᠨ ᠡᠬᠢ ᠨᠥᠬᠦᠴᠡᠯ ᠲᠠᠢ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠪᠠᠶᠢᠭᠤᠯᠵᠤ᠂ ᠪᠡᠶ᠎ᠡ ᠶᠢᠨ ᠲᠠᠮᠢᠷ ᠤᠨ ᠰᠠᠭᠤᠷᠢ ᠪᠠᠷ ᠪᠠᠭᠤᠷᠠᠶ ᠰᠤᠷᠭᠠᠭᠤᠯᠢ ᠯᠤᠭ᠎ᠠ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠶᠢ ᠰᠢᠨ᠎ᠡ ᠪᠠᠷ ᠪᠠᠶᠢᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠢᠴᠢ ᠪᠡᠯᠡᠳᠬᠡᠮᠵᠢ ᠶᠢ ᠰᠤᠷᠭᠠᠭᠤᠯᠢ ᠶᠢᠨ ᠣᠷᠣᠵᠤ ᠭᠠᠷᠬᠤ ᠭᠠᠵᠠᠷ ᠲᠤ ᠣᠶᠢᠷᠠᠲᠤᠭᠤᠯᠵᠤ᠂ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠵᠡᠷᠭᠡ ᠬᠢᠴᠢᠶᠡᠯ ᠤᠨ ᠭᠠᠳᠠᠨᠠᠬᠢ ᠴᠠᠭ ᠲᠤ ᠰᠤᠷᠤᠭᠴᠢᠳ ᠲᠤ ᠨᠡᠭᠡᠭᠡᠬᠦ ᠳᠤ ᠲᠥᠬᠦᠮ ᠦᠵᠡᠭᠦᠯᠦᠨ᠎ᠡ᠃ ᠨᠡᠶᠢᠭᠡᠮ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠲᠠᠯᠠᠪᠤᠷ ᠪᠡᠯᠡᠳᠬᠡᠮᠵᠢ ᠶᠢ ᠰᠤᠷᠭᠠᠭᠤᠯᠢ ᠶᠢᠨ ᠰᠣᠷᠣᠭᠴᠢ ᠳᠤ ᠬᠠᠨᠳᠤᠭᠤᠯᠤᠨ ᠰᠦᠢᠳᠭᠡᠯ ᠬᠤᠷᠢᠶᠠᠬᠤ ᠥᠬᠡᠶ ᠪᠤᠶᠤ ᠳᠣᠤᠷ᠎ᠠ ᠰᠦᠢᠳᠭᠡᠯ ᠬᠤᠷᠢᠶᠠᠵᠤ ᠨᠡᠭᠡᠭᠡᠬᠦ ᠶᠢ ᠠᠬᠢᠭᠤᠯᠤᠨ᠎ᠠ᠃    ︵ᠭᠤᠷᠪᠠ︶ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ    ᠡᠯ᠎ᠡ ᠭᠠᠵᠠᠷ ᠤᠨ ᠬᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠠᠶᠢᠭᠤᠯᠤᠯᠲᠠ ᠶᠢ ᠠᠯᠪᠠᠨ ᠵᠢᠷᠤᠮ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠬᠢᠴᠢᠶᠡᠯ ᠤᠨ ᠵᠢᠭᠠᠨ ᠰᠤᠷᠭᠠᠯᠲᠠ ᠪᠠ  ᠦᠢᠯᠡᠳᠦᠯᠭᠡ ᠶᠢᠨ ᠠᠵᠢᠯᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠲᠠᠯᠠᠪᠤᠷ ᠲᠥᠬᠦᠭᠡᠷᠦᠮᠵᠢ᠂ ᠲᠤᠰᠬᠠᠶ ᠬᠢᠴᠢᠶᠡᠯ ᠤᠨ ᠬᠡᠷ ᠢ ᠰᠠᠶᠢᠲᠤᠷ ᠪᠠᠶᠢᠭᠤᠯᠬᠤ ᠬᠡᠷᠡᠭᠲᠡᠶ᠃ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠤᠷ ᠤᠨ ᠲᠥᠬᠦᠭᠡᠷᠦᠮᠵᠢ ᠪᠠᠭᠠᠵᠢ ᠬᠡᠷᠡᠭᠰᠡᠯ ᠤᠨ ᠰᠤᠷᠭᠠᠨ ᠬᠥᠮᠦᠵᠢᠯ ᠤᠨ ᠶᠠᠮᠤᠨ ᠤ ᠡᠩ ᠤᠨ ᠥᠨᠳᠥᠷ ᠳᠤᠮᠳᠠᠳᠤ ᠶᠢᠨ ᠳᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠪᠠᠭᠠᠵᠢ ᠡᠩ ᠤᠨ ᠥᠨᠳᠥᠷ ᠳᠤᠮᠳᠠᠳᠤ ᠶᠢᠨ ᠤᠷᠠᠨ ᠵᠢᠷᠤᠭ ᠤᠨ ᠵᠢᠭᠠᠨ ᠰᠤᠷᠭᠠᠯᠲᠠ ᠶᠢᠨ ᠪᠠᠭᠠᠵᠢ ᠬᠡᠷᠡᠭᠰᠡᠯ ᠢ ᠲᠣᠬᠢᠷᠠᠭᠤᠯᠬᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠠᠭᠤᠤ ᠬᠥᠭᠵᠢᠮ ᠤᠨ ᠬᠢᠴᠢᠶᠡᠯ ᠤᠨ ᠬᠡᠷ ᠤᠨ ᠪᠠᠶᠢᠭᠤᠯᠤᠯᠲᠠ ᠬᠢᠭᠡᠳ ᠲᠣᠨᠤᠭ ᠲᠥᠬᠦᠭᠡᠷᠦᠮᠵᠢ ᠶᠢᠨ ᠵᠢᠷᠤᠮᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠤᠷᠠᠨ ᠵᠢᠷᠤᠭ ᠤᠨ ᠬᠢᠴᠢᠶᠡᠯ ᠤᠨ ᠬᠡᠷ ᠤᠨ ᠪᠠᠶᠢᠭᠤᠯᠤᠯᠲᠠ ᠬᠢᠭᠡᠳ ᠲᠣᠨᠤᠭ ᠲᠥᠬᠦᠭᠡᠷᠦᠮᠵᠢ ᠶᠢᠨ ᠵᠢᠷᠤᠮᠵᠢᠯ ᠪᠠ ᠥᠪᠡᠷᠲᠡᠭᠡᠨ ᠵᠠᠰᠠᠬᠤ ᠣᠷᠣᠨ ᠤ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠵᠢᠷᠤᠮᠵᠢᠯ᠂ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠵᠢᠷᠤᠮᠵᠢᠯ᠂ ᠥᠪᠡᠷᠲᠡᠭᠡᠨ ᠵᠠᠰᠠᠬᠤ ᠣᠷᠣᠨ ᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠬᠥᠳᠡᠭᠡ ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠭ᠎ᠠ ᠬᠡᠪᠴᠢᠶᠡᠨ ᠤ ᠰᠤᠷᠭᠠᠭᠤᠯᠢ ᠳᠤ ᠴᠢᠬᠤᠯᠠ ᠪᠦᠬᠦᠢ ᠴᠢᠳᠠᠮᠵᠢᠳᠤ ᠬᠢᠴᠢᠶᠡᠯ ᠤᠨ ᠭᠡᠷ ᠪᠠ ᠲᠥᠬᠦᠭᠡᠷᠦᠮᠵᠢ ᠲᠥᠬᠦᠭᠡᠷᠦᠮᠵᠢ ᠲᠣᠬᠢᠷᠠᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠤᠷ ᠣᠷᠳᠣᠨ ᠪᠠᠶᠢᠭᠤᠯᠵᠤ᠂ ᠡᠷᠬᠢᠨ ᠲᠣᠭᠤᠷᠢᠨ ᠤ ᠰᠤᠷᠭᠠᠭᠤᠯᠢ ᠪᠣᠯᠤᠨ ᠨᠡᠶᠢᠭᠡᠮ ᠲᠣᠭᠤᠷᠢᠭ ᠯᠤᠭ᠎ᠠ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠶᠢ ᠵᠣᠷᠢᠭᠵᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠳᠤ ᠨᠠᠭᠠᠳᠤ ᠵᠠᠬ᠎ᠠ ᠳᠠᠭᠠᠨ 1 ᠳᠤᠮᠳᠠᠳᠤ ᠪᠠᠭ᠎ᠠ ᠰᠤᠷᠭᠠᠭᠤᠯᠢ ᠳᠤ ᠲᠣᠮᠣ ᠬᠡᠯᠪᠡᠷᠢ ᠶᠢᠨ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠬᠦ ᠳᠤ ᠳᠣᠭᠢᠷᠠᠬᠤ ᠣᠯᠠᠨ ᠴᠢᠳᠠᠮᠵᠢᠳᠤ᠂ ᠶᠡᠷᠦᠩᠬᠡᠶᠢᠯᠡᠭᠰᠡᠨ ᠴᠢᠨᠠᠷᠲᠠᠶ ᠶᠣᠰᠣᠯᠠᠯ ᠤᠨ ᠲᠠᠩᠬᠢᠮ ᠢ ᠪᠠᠶᠢᠭᠤᠯᠬᠤ ᠬᠡᠷᠡᠭᠲᠡᠶ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠨᠴᠠᠯᠢᠭ ᠢᠶᠠᠨ ᠦᠨᠳᠦᠰᠦᠯᠡᠨ᠂ ᠭᠤᠸ᠎ᠠ ᠰᠠᠶᠢᠬᠠᠨ ᠤ ᠬᠥᠮᠦᠵᠢᠯ ᠢᠶᠠᠷ ᠭᠤᠤᠯ ᠠᠭᠤᠯᠭ᠎ᠠ ᠪᠣᠯᠭᠠᠭᠰᠠᠨ ᠴᠢᠳᠠᠮᠵᠢ ᠶᠢᠨ ᠲᠠᠰᠤᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢᠨ ᠬᠠᠮᠲᠤ ᠬᠠᠮᠢᠶ᠎ᠠ ᠪᠥᠬᠦᠶ ᠪᠠᠭᠠᠵᠢ ᠬᠡᠷᠡᠭᠰᠡᠯ ᠢ ᠳᠣᠭᠢᠷᠠᠭᠤᠯᠤᠨ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠠ ᠰᠤᠷᠤᠭᠴᠢᠳ ᠤᠨ  ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ  ᠭᠦᠢᠴᠡᠳ‌ᠠᠰᠢᠭᠯᠠᠵᠤ᠂ ᠴᠢᠨᠠᠷ ᠰᠠᠶᠢᠲᠠᠶ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃    ︵ᠳᠥᠷᠪᠡ︶ ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ ᠭᠤᠸ᠎ᠠ ᠰᠠᠶᠢᠬᠠᠨ ᠤ ᠬᠥᠮᠦᠵᠢᠯ ᠢ ᠬᠥᠭᠵᠢᠭᠦᠯᠦᠨ᠎ᠡ    ᠭᠤᠸ᠎ᠠ ᠰᠠᠶᠢᠬᠠᠨ ᠤ ᠬᠥᠮᠦᠵᠢᠯ ᠤᠨ ᠨᠡᠶᠢᠭᠡᠮ ᠤᠨ ᠡᠬᠢ ᠪᠠᠶᠠᠯᠢᠭ ᠤᠨ ᠬᠠᠩᠭᠠᠯᠭ᠎ᠠ ᠶᠢ ᠴᠢᠩᠭᠠᠳᠬᠠᠵᠤ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠷᠥᠯ  ᠵᠦᠢᠯ ᠢ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ  ᠰᠤᠷᠭᠠᠯᠳᠠ ᠶᠢᠨ  ᠦᠢᠯᠡᠴᠢᠯᠡᠭᠡ ᠶᠢ ᠠᠬᠢᠭᠤᠯᠤᠨ᠎ᠠ᠃ ᠬᠤᠲᠠ ᠪᠠ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠰᠤᠷᠤᠭᠴᠢᠳ ᠤᠨ ᠤᠷᠠᠯᠢᠭ ᠤᠨ  ᠦᠢᠯᠡᠳᠦᠯᠭᠡ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠵᠦ᠂ ᠰᠣᠶᠣᠯ ᠤᠷᠠᠯᠢᠭ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠰᠤᠷᠭᠠᠭᠤᠯᠢ ᠪᠤᠶᠤ ᠲᠡᠭᠦᠨ ᠤ ᠡᠷᠬᠢᠨ ᠲᠣᠭᠤᠷᠢᠨ ᠳᠤ ᠤᠷᠢᠳᠠᠪᠠᠷ ᠪᠠᠶᠢᠭᠤᠯᠬᠤ ᠬᠡᠷᠡᠭᠲᠡᠶ᠃ ᠰᠤᠷᠭᠠᠭᠤᠯᠢ ᠬᠢᠭᠡᠳ ᠨᠡᠶᠢᠭᠡᠮ ᠤᠨ ᠣᠯᠠᠨ ᠨᠡᠶᠢᠲᠡ ᠶᠢᠨ ᠰᠣᠶᠣᠯ ᠤᠷᠠᠯᠢᠭ ᠤᠨ ᠲᠠᠯᠠᠪᠤᠷ ᠣᠷᠳᠣᠨ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠲᠠᠢ ᠬᠠᠮᠲᠤᠷᠠᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠨᠡᠭᠡᠭᠡᠬᠦ ᠶᠢ ᠵᠣᠷᠢᠭᠵᠢᠭᠤᠯᠤᠨ᠎ᠠ᠃ ᠰᠤᠷᠭᠠᠭᠤᠯᠢ ᠶᠢᠨ ᠳᠣᠲᠣᠭᠠᠳᠤ ᠶᠢᠨ ᠪᠠ ᠰᠤᠷᠭᠠᠭᠤᠯᠢ ᠶᠢᠨ ᠭᠠᠳᠠᠨᠠᠬᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠭᠤᠸ᠎ᠠ ᠰᠠᠶᠢᠬᠠᠨ ᠤ ᠬᠥᠮᠦᠵᠢᠯ ᠤᠨ  ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ  ᠦᠢᠯᠡᠶᠢᠴᠯᠡᠭᠡᠨ  ᠤ ᠠᠵᠢᠯ ᠢ  ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠪᠣᠯᠭᠠᠨ᠎ᠠ᠃ ᠨᠥᠬᠦᠴᠡᠯ ᠲᠠᠢ ᠭᠠᠵᠠᠷ ᠣᠷᠣᠨ ᠪᠠ ᠰᠤᠷᠭᠠᠭᠤᠯᠢ ᠨᠤᠭᠤᠳ ᠵᠢᠯ ᠪᠦᠷᠢ ᠰᠤᠷᠤᠭᠴᠢᠳ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠨᠢᠭᠡ ᠤᠳᠠᠭ᠎ᠠ ᠤᠷᠠᠨ ᠵᠢᠷᠤᠭ ᠤᠨ ᠣᠷᠳᠣᠨ᠂ ᠤᠷᠠᠨ ᠪᠢᠴᠢᠯᠭᠡ ᠶᠢᠨ ᠣᠷᠳᠣᠨ᠂ ᠮᠦᠽᠧᠶ ᠶᠢ ᠲᠣᠭᠤᠷᠢᠨ ᠦᠵᠡᠭᠦᠯᠬᠦ ᠬᠡᠷᠡᠭᠲᠡᠶ᠃    ︵ᠲᠠᠪᠤ︶ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠲᠠᠯᠠᠪᠤᠷ ᠭᠠᠵᠠᠷ ᠪᠣᠯᠤᠨ ᠬᠥᠳᠡᠯᠮᠦᠷᠢ ᠶᠢᠨ ᠬᠥᠮᠦᠵᠢᠯ  ᠤᠨ ᠰᠠᠭᠤᠷᠢᠨ ᠭᠠᠵᠠᠷ  ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠡ    ᠰᠤᠷᠭᠠᠭᠤᠯᠢ ᠶᠢᠨ ᠳᠣᠲᠣᠷᠠᠬᠢ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠭᠠᠵᠠᠷ ᠪᠠ ᠰᠤᠷᠭᠠᠭᠤᠯᠢ ᠶᠢᠨ ᠭᠠᠳᠠᠨᠠᠬᠢ ᠬᠥᠳᠡᠯᠮᠦᠷᠢ ᠶᠢᠨ ᠬᠥᠮᠦᠵᠢᠯ ᠤᠨ  ᠦᠢᠯᠡᠳᠦᠯᠭᠡ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠪᠠᠭᠠᠵᠢ ᠬᠡᠷᠡᠭᠰᠡᠯ᠂ ᠬᠤᠷᠣᠭᠳᠠᠯ ᠮᠠᠲ᠋ᠧᠷᠢᠶᠠᠯ ᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠳᠣᠭᠢᠷᠠᠭᠤᠯᠵᠤ᠂ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠲᠠᠯᠠᠪᠤᠷ ᠭᠠᠵᠠᠷ ᠢ ᠥᠷᠭᠡᠳᠬᠡᠬᠦ ᠠᠵᠢᠯᠯᠠᠭᠠᠨ ᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠲᠣᠭᠲᠠᠭᠠᠬᠤ ᠬᠡᠷᠡᠭᠲᠡᠶ᠃ ᠣᠲᠣ ᠶᠢᠨ ᠪᠠᠶᠢᠭ᠎ᠠ ᠶᠡᠷᠦᠩᠬᠡᠶᠢᠯᠡᠭᠰᠡᠨ‌ᠦᠢᠯᠡᠳᠦᠯᠭᠡ ᠶᠢᠨ ᠰᠠᠭᠤᠷᠢᠨ ᠭᠠᠵᠠᠷ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠬᠥᠳᠡᠯᠮᠦᠷᠢ ᠵᠢᠨ‌ᠦᠢᠯᠡᠳᠦᠯᠭᠡ ᠶᠢᠨ ᠲᠠᠯᠠᠪᠤᠷ ᠭᠠᠵᠠᠷ ᠢ ᠠᠰᠢᠭᠯᠠᠨ᠂ ᠲᠣᠰ ᠣᠷᠣᠨ ᠪᠦᠰᠡ ᠶᠢᠨ ᠰᠤᠷᠭᠠᠭᠤᠯᠢ ᠶᠢᠨ ᠭᠠᠳᠠᠨᠠᠬᠢ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠬᠤ ᠶᠢᠨ ᠬᠠᠮᠲᠤ᠂ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠪᠠᠭᠠᠵᠢ ᠬᠡᠷᠡᠭᠰᠡᠯ᠂ ᠬᠤᠷᠣᠭᠳᠠᠯ ᠮᠠᠲ᠋ᠧᠷᠢᠶᠠᠯ ᠢ ᠪᠦᠲᠦᠮᠵᠢᠲᠡᠶ ᠨᠥᠬᠦᠪᠥᠷᠢᠯᠡᠬᠦ ᠶᠢ ᠪᠠᠲᠤᠯᠠᠨ᠎ᠠ᠃ ᠨᠡᠶᠢᠭᠡᠮ ᠤᠨ ᠡᠬᠢ ᠪᠠᠶᠠᠯᠢᠭ ᠤᠨ ᠳᠠᠪᠠᠭᠤᠯᠢᠭ ᠢ ᠢᠳᠡᠪᠬᠢᠲᠡᠶ ᠪᠠᠳᠠᠷᠠᠭᠤᠯᠵᠤ᠂ ᠨᠡᠶᠢᠭᠡᠮ ᠤᠨ ᠬᠦᠴᠦᠨ ᠤ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ᠂ ᠡᠯ᠎ᠡ ᠬᠤᠰᠢᠭᠤ ᠰᠢᠶᠠᠨ ᠬᠤᠲᠠ ᠶᠢᠨ ᠰᠤᠷᠭᠠᠭᠤᠯᠢ ᠶᠢᠨ ᠬᠥᠳᠡᠯᠮᠦᠷᠢ ᠶᠢᠨ ᠦᠢᠯᠡᠳᠦᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠡᠷᠦᠩᠬᠡᠶᠢᠯᠡᠭᠰᠡᠨ ᠴᠢᠨᠠᠷᠲᠠᠶ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠡᠮᠳᠡᠭ ᠰᠤᠷᠤᠭᠴᠢᠳ ᠤᠨ ᠣᠨᠴᠠᠯᠢᠭ ᠪᠠ ᠣᠨᠴᠣᠭᠤᠶ ᠰᠤᠷᠭᠠᠨ ᠬᠥᠮᠦᠵᠢᠯ ᠤᠨ ᠵᠢᠮ᠎ᠡ ᠶᠣᠰᠣᠨ ᠳᠤ ᠳᠣᠭᠢᠷᠠᠬᠤ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠲᠠᠯᠠᠪᠤᠷ ᠭᠠᠵᠠᠷ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠶ᠃    ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠪᠣᠯᠤᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠪᠠ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠪᠠᠭᠠᠰᠬᠠᠬᠤ︾ ᠠᠵᠢᠯ ᠢ ᠠᠬᠢᠭᠤᠯᠬᠤ ᠲᠠᠢ ᠤᠶᠠᠯᠳᠤᠭᠤᠯᠤᠨ᠂ ᠬᠥᠳᠡᠯᠮᠦᠷᠢ ᠶᠢᠨ ᠬᠥᠮᠦᠵᠢᠯ ᠪᠠ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠥᠷᠨᠢᠭᠦᠯᠬᠦ ᠶᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ  ᠦᠢᠯᠡᠴᠢᠯᠡᠭᠡᠨ ᠤ ᠠᠵᠢᠯ ᠤᠨ ᠴᠢᠬᠤᠯᠠ ᠠᠭᠤᠯᠭ᠎ᠠ ᠪᠣᠯᠭᠠᠨ᠎ᠠ᠃    ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠠᠵᠢᠯ ᠤᠨ ᠬᠥᠭᠵᠢᠭᠦᠯᠦᠯᠲᠡ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠳ᠋ ᠤᠨ ᠵᠠᠰᠠᠭ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠴᠢᠬᠤᠯᠠ ᠶᠡᠭᠡ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠷᠥᠯ  ᠵᠦᠢᠯ ᠳᠤ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠰᠤᠷᠭᠠᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢ ᠪᠠᠯᠠ ᠮᠥᠩᠭᠦ ᠶᠢᠨ ᠬᠡᠷᠡᠭᠯᠡᠯᠲᠡ ᠶᠢᠨ ᠴᠢᠬᠤᠯᠠ ᠴᠢᠭᠯᠡᠯ ᠪᠣᠯᠭᠠᠨ᠎ᠠ᠃ ᠨᠡᠶᠢᠭᠡᠮ ᠤᠨ ᠳᠡᠮᠵᠢᠯᠭᠡ ᠶᠢ ᠤᠯᠬᠤ ᠪᠠᠷ ᠢᠳᠡᠪᠬᠢᠯᠡᠨ ᠴᠢᠷᠮᠠᠶᠢᠵᠤ᠂ ᠣᠯᠠᠨ ᠡᠰᠢᠵᠢᠭᠰᠡᠨ ᠪᠠᠯᠠ ᠴᠤᠭᠯᠠᠭᠤᠯᠬᠤ ᠠᠷᠭ᠎ᠠ ᠵᠠᠮ ᠢ ᠪᠠᠶᠢᠭᠤᠯᠤᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠬᠥᠭᠵᠢᠯᠲᠡ ᠶᠢ ᠳᠡᠮᠵᠢᠬᠦ ᠬᠡᠷᠡᠭᠲᠡᠶ᠃    ︵ᠭᠤᠷᠪᠠ︶ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠶᠢ ᠴᠢᠩᠭᠠᠳᠬᠠᠬᠤ ᠬᠡᠷᠡᠭᠲᠡᠶ᠃ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠦᠨᠡᠯᠡᠨ ᠵᠢᠱᠢᠭᠰᠡᠨ ᠦᠷ᠎ᠡ ᠳ᠋ᠦᠩ ᠢ ᠡᠯ᠎ᠡ ᠭᠠᠵᠠᠷ ᠤᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠤᠨ᠂ ᠭᠠᠵᠠᠷ ᠣᠷᠣᠨ ᠤ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠬᠡᠮᠵᠢᠬᠦ ᠴᠢᠬᠤᠯᠠ  ᠭᠦᠢᠴᠡᠳᠭᠡᠯ ᠲᠤᠭ᠎ᠠ ᠪᠣᠯᠭᠠᠵᠤ᠂ ᠬᠢᠨᠠᠨ ᠵᠢᠯᠣᠭᠤᠳᠤᠭᠤᠯᠬᠤ ᠶᠢ ᠬᠦᠯᠢᠶᠡᠭᠰᠡᠨ ᠰᠠᠯᠠᠭ᠎ᠠ ᠮᠥᠴᠢᠷ ᠪᠠ ᠰᠤᠷᠭᠠᠭᠤᠯᠢ ᠵᠢᠴᠢ ᠲᠡᠭᠦᠨ ᠤ ᠭᠤᠤᠯ ᠬᠠᠷᠢᠭᠤᠴᠠᠯᠭᠠᠲᠠᠨ ᠢ ᠰᠢᠯᠭᠠᠨ ᠬᠢᠨᠠᠵᠤ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠨ᠎ᠠ᠃ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠪᠣᠳᠠᠲᠠᠶ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ 〔 2022 〕 61 ᠳ᠋ᠦ᠋ᠭᠡᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢ ᠵᠠᠰᠠᠭ ᠵᠠᠬᠢᠷᠭᠠᠨ ᠤ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                          2022 ᠣᠨ ᠤ 11 ᠰᠠᠷ᠎ᠠ ᠶᠢᠨ 12 ᠤᠨ ᠡᠳᠦᠷ                                                      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶           ᠡᠮ ᠤᠨ ᠵᠦᠢᠯ ᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠪᠣᠳᠠᠲᠠᠶ ᠠᠷᠭ᠎ᠠ ᠬᠡᠮᠵᠢᠶ᠎ᠡ            ︽ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ〔 2021 〕16 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ〔 2022 〕26 ᠳ᠋ᠤᠭᠠᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠮ ᠤᠨ  ᠵᠦᠢᠯ ︵ᠡᠮᠴᠢᠯᠡᠭᠡᠨ ᠤ ᠪᠠᠭᠠᠵᠢ ᠬᠡᠷᠡᠭᠰᠡᠯ᠂ ᠭᠤᠶᠣᠯᠠᠯ ᠤᠨ ᠡᠳ᠋ ᠪᠠᠭᠲᠠᠨ᠎ᠠ᠂ ᠳᠣᠷᠣᠭᠰᠢ ᠠᠳᠠᠯᠢ︶ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠶᠢᠮᠠᠭ ᠤᠨ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃    ᠨᠢᠭᠡ᠂ ᠠᠵᠢᠯ ᠤᠨ ᠬᠠᠷᠠᠯᠲᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠶᠢ ᠴᠢᠩᠭᠠᠳᠬᠠᠨ᠂ ᠳᠤᠲᠠᠭᠤᠳᠠᠯ ᠢ ᠨᠥᠬᠦᠪᠥᠷᠢᠯᠡᠵᠦ᠂ ᠪᠣᠭᠤᠮᠢ ᠶᠢ ᠡᠪᠳᠡᠵᠦ᠂ ᠳᠡᠭᠡᠭᠰᠢᠯᠡᠭᠦᠯᠬᠦ ᠶᠢ ᠠᠬᠢᠭᠤᠯᠵᠤ᠂ ᠡᠮ ᠤᠨ ᠵᠦᠢᠯᠡᠰ ᠤᠨ ᠠᠮᠤᠷ ᠲᠦᠪᠰᠢᠨ ᠪᠠ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠢ᠂ ᠡᠷᠬᠡ ᠰᠦᠷ ᠲᠠᠢ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ᠂ ᠲᠤᠯᠭᠠᠭᠤᠷᠢᠯᠠᠵᠤ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠴᠢᠳᠠᠪᠤᠷᠢ ᠪᠠ ᠬᠢᠨᠠᠨ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠪᠦᠬᠦ ᠠᠶᠢᠮᠠᠭ ᠤᠨ ᠠᠷᠠᠳ ᠤᠯᠠᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃    ᠬᠤᠶᠠᠷ᠂ ᠭᠤᠣᠯᠳᠠᠯᠭ᠎ᠠ ᠲᠠᠢ ᠡᠭᠦᠷᠭᠡ    ︵ᠨᠢᠭᠡ︶ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠸᠠᠺᠼᠢᠨ᠂ ᠣᠨᠴᠣᠭᠤᠶ ᠡᠮ ᠤᠨ ᠵᠦᠢᠯ᠂ ᠰᠦᠯᠵᠢᠶᠡᠨ ᠳᠡᠭᠡᠷ᠎ᠡ ᠪᠣᠷᠣᠯᠠᠭᠤᠯᠬᠤ ᠡᠮ ᠤᠨ ᠵᠦᠢᠯ᠂ ᠬᠢᠲᠠᠳ ᠬᠡᠷᠴᠢᠮ ᠡᠮ᠂ ᠪᠠᠺᠲ᠋ᠧᠷᠢ ᠥᠬᠡᠶ ᠪᠠ ᠳᠠᠷᠢᠵᠤ ᠣᠷᠣᠭᠤᠯᠬᠤ ᠴᠢᠨᠠᠷᠲᠠᠶ ᠡᠮᠴᠢᠯᠡᠭᠡᠨ ᠤ ᠪᠠᠭᠠᠵᠢ ᠬᠡᠷᠡᠭᠰᠡᠯ᠂ ᠬᠡᠤᠬᠡᠳ ᠵᠢᠴᠢ ᠣᠨᠴᠣᠭᠤᠶ ᠬᠡᠷᠡᠭᠴᠡᠭᠡᠲᠦ ᠭᠤᠶᠣᠯᠠᠯ ᠤᠨ ᠡᠳ᠋ ᠵᠡᠷᠭᠡ ᠭᠤᠤᠯᠳᠠᠯᠭ᠎ᠠ ᠲᠠᠢ ᠦᠶ᠋ᠯᠡᠳᠬᠦᠨ ᠤ ᠲᠣᠭᠤᠷᠢᠨ ᠳᠤ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠯᠤᠰ ᠤᠨ ᠦᠨᠳᠦᠰᠦᠨ ᠡᠮ ᠤᠨ ᠵᠦᠢᠯ᠂ ᠲᠡᠭᠦᠵᠦ ᠴᠤᠭᠯᠠᠭᠤᠯᠬᠤ ᠳᠤᠮᠳᠠ ᠠᠴᠠ ᠰᠣᠩᠭᠤᠬᠤ᠂ ᠡᠮᠴᠢᠯᠡᠭᠡᠨ ᠳᠤ ᠬᠡᠷᠡᠭᠯᠡᠬᠦ ᠠᠮᠠᠪᠴᠢ᠂ ᠬᠠᠮᠠᠭᠠᠯᠠᠯᠲᠠ ᠶᠢᠨ ᠬᠤᠪᠴᠠᠰᠤ ᠵᠡᠷᠭᠡ ᠲᠥᠷᠥᠯ ᠵᠦᠢᠯ ᠢ ᠰᠤᠭᠤᠴᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠮᠡᠷᠭᠡᠵᠢᠯ ᠤᠨ ᠬᠢᠨᠠᠨ ᠦᠨᠡᠯᠡᠬᠦ᠂ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠪᠠᠶᠢᠴᠠᠭᠠᠬᠤ᠂ ᠮᠠᠭᠤ ᠲᠤᠰᠬᠠᠯ ᠢ ᠬᠢᠨᠠᠨ ᠬᠡᠮᠵᠢᠬᠦ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠵᠡᠷᠭᠡ ᠲᠠᠯ᠎ᠠ ᠶᠢᠨ ᠲᠦᠭᠰᠢᠭᠦᠷᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠲᠦᠭᠰᠢᠭᠦᠷᠢ ᠶᠢ ᠴᠠᠭ ᠲᠤᠬᠠᠶ ᠳᠤᠨᠢ ᠬᠢᠨᠠᠨ ᠬᠡᠮᠵᠢᠬᠦ᠂ ᠣᠨᠣᠪᠴᠢᠲᠠᠶ ᠰᠤᠳᠤᠯᠤᠨ ᠮᠠᠭᠠᠳᠯᠠᠬᠤ᠂ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠪᠠ ᠪᠦᠲᠦᠮᠵᠢᠲᠡᠶ ᠰᠢᠢᠳᠪᠦᠷᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠬᠤᠶᠠᠷ︶ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠯᠪᠠᠰᠤᠷᠠᠭᠤᠯᠤᠯ ᠢ ᠴᠢᠩᠭᠠᠳᠬᠠᠬᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠬᠤ᠂ ᠤᠯᠠᠮᠵᠢᠯᠠᠬᠤ ᠬᠠᠪᠰᠤᠷᠬᠤ ᠳᠠᠭᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠥᠬᠦ ᠠᠶᠢᠮᠠᠭ ᠤᠨ ᠡᠮ ᠤᠨ ᠵᠦᠢᠯ ᠤᠨ ᠪᠠᠶᠢᠴᠠᠭᠠᠭᠴᠢ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠠᠵᠢᠯ ᠮᠡᠷᠭᠡᠵᠢᠭᠰᠡᠨ ᠲᠤᠰᠬᠠᠶᠢᠵᠢᠭᠰᠠᠨ ᠡᠮ ᠤᠨ ᠵᠦᠢᠯ ᠤᠨ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ ᠠᠶᠢᠮᠠᠭ ᠤᠨ ᠡᠮ ᠤᠨ ᠵᠦᠢᠯ ᠤᠨ ᠪᠠᠶᠢᠴᠠᠭᠠᠭᠴᠢ ᠶᠢᠨ ᠬᠥᠮᠥᠷᠭᠡ ᠶᠢ ᠪᠠᠶᠢᠭᠤᠯᠤᠨ᠂ ᠨᠢᠭᠡᠳᠦᠯᠲᠡᠶ ᠰᠢᠯᠵᠢᠭᠦᠯᠦᠨ ᠲᠣᠮᠢᠯᠠᠬᠤ ᠶᠢ ᠬᠡᠷᠡᠭᠵᠢᠭᠦᠯᠦᠨ᠎ᠡ᠃ 2022 ᠣᠨ ᠤ ᠡᠴᠦᠰ ᠲᠤ᠂ ᠪᠥᠬᠦ ᠠᠶᠢᠮᠠᠭ ᠤᠨ ᠲᠤᠰᠬᠠᠶ ᠲᠤᠰᠢᠶᠠᠯᠲᠤ ᠪᠠᠶᠢᠴᠠᠭᠠᠭᠴᠢ ᠶᠢᠨ ᠲᠤᠭ᠎ᠠ ᠶᠢ 30 ᠨᠡᠷᠡᠰ ᠬᠦᠷᠭᠡᠵᠦ᠂ ᠠᠯᠬᠤᠮ ᠳᠠᠷᠠᠭ᠎ᠠ ᠬᠤᠪᠢᠶᠠᠨ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷ᠎ᠠ ᠠᠴᠠ ᠨᠥᠬᠦᠴᠡᠯ ᠳᠤ ᠨᠡᠶᠢᠴᠡᠬᠦ ᠠᠵᠢᠯᠲᠠᠨ ᠢ ᠤᠷᠢᠨ ᠬᠡᠷᠡᠭᠯᠡᠵᠦ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠪᠣᠯᠭᠠᠨ᠎ᠠ᠃ 3 ᠵᠢᠯ ᠤᠨ ᠳᠣᠲᠣᠷ᠎ᠠ ᠬᠥᠮᠥᠷᠭᠡ ᠳᠤ ᠣᠷᠣᠭᠤᠯᠬᠤ ᠲᠤᠰᠬᠠᠶ ᠲᠤᠰᠢᠶᠠᠯᠲᠤ ᠪᠠᠶᠢᠴᠠᠭᠠᠭᠴᠢ ᠶᠢᠨ ᠲᠤᠭ᠎ᠠ ᠶᠢ 60 ᠨᠡᠷᠡᠰ ᠠᠴᠠ ᠳᠡᠭᠡᠭᠰᠢ ᠳᠤ ᠬᠦᠷᠦᠭᠦᠯᠵᠦ᠂ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠶᠢ 40 ᠨᠡᠷᠡᠰ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠨ ᠬᠠᠮᠢᠶᠠᠷᠬᠤ ᠡᠭᠦᠷᠭᠡ ᠯᠦᠭᠡ ᠬᠠᠷᠢᠯᠴᠠᠨ ᠵᠣᠬᠢᠴᠠᠯᠳᠤᠭᠰᠠᠨ ᠡᠮ ᠤᠨ ᠵᠦᠢᠯ ᠤᠨ ᠪᠠᠶᠢᠴᠠᠭᠠᠭᠴᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠶ᠃ ᠪᠠᠶᠢᠴᠠᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠤᠨ ᠠᠰᠢᠭᠯᠠᠯᠲᠠ ᠶᠢ ᠥᠷᠭᠡᠳᠬᠡᠨ᠂ ᠨᠢᠰᠦᠯᠲᠡ ᠶᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠬᠢᠨᠠᠨ ᠬᠠᠷᠭᠤᠭᠤᠯᠬᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠵᠢᠴᠢ ᠰᠡᠭᠦᠯᠴᠢ ᠶᠢᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠪᠢᠲᠡᠭᠦᠦ ᠴᠠᠭᠠᠷᠢᠭ ᠤᠨ ᠰᠢᠰᠲ᠋ᠧᠮᠵᠢ ᠶᠢ ᠴᠢᠩᠭ᠎ᠠ ᠪᠠᠶᠢᠴᠠᠭᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠭᠤᠷᠪᠠ︶ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠠᠶᠢᠮᠠᠭ ᠤᠨ ᠡᠮ ᠤᠨ ᠵᠦᠢᠯ ᠢ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠢᠮᠳᠠᠭᠤᠯᠤᠨ ᠵᠢᠯᠣᠭᠤᠳᠴᠤ᠂ ᠡᠯ᠎ᠡ ᠬᠤᠰᠢᠭᠤ ᠰᠢᠶᠠᠨ ᠬᠤᠲᠠ ᠶᠢᠨ ᠬᠡᠷᠡᠭ ᠢ ᠪᠠᠶᠢᠴᠠᠭᠠᠨ  ᠰᠢᠢᠳᠪᠦᠷᠢᠯᠡᠭᠰᠡᠨ ᠪᠠᠶᠢᠳᠠᠯ ᠢ ᠤᠯᠠᠷᠢᠯ ᠪᠦᠷᠢ ᠳᠤ ᠨᠢᠭᠡ ᠤᠳᠠᠭ᠎ᠠ ᠨᠡᠪᠲᠡᠷᠡᠭᠦᠯᠦᠨ᠎ᠡ᠃ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢᠬᠢ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ  ᠰᠢᠢᠳᠪᠦᠷᠢᠯᠡᠵᠦ ᠵᠠᠯᠬᠠᠭᠠᠨ ᠰᠢᠳᠬᠡᠬᠦ ᠡᠷᠴᠢᠮ ᠢᠶᠠᠨ ᠦᠨᠡᠨᠬᠦ ᠴᠢᠩᠭᠠᠷᠠᠭᠤᠯᠤᠨ᠎ᠠ᠃ ᠡᠮ ᠤᠨ ᠵᠦᠢᠯ ᠢ ᠮᠥᠷᠳᠡᠨ ᠪᠠᠶᠢᠴᠠᠭᠠᠬᠤ ᠲᠤᠰᠬᠠᠶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ‌‍ᠬᠥ᠋ᠮᠦᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠶᠢ ᠴᠢᠩᠳᠠᠯᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠳᠥᠷᠪᠡ︶ ᠰᠠᠯᠠᠭ᠎ᠠ ᠮᠥᠴᠢᠷ ᠤᠨ ᠬᠠᠮᠵᠢᠯᠴᠠᠬᠤ ᠶᠢ ᠴᠢᠩᠭᠠᠷᠠᠭᠤᠯᠤᠨ᠎ᠠ᠃ ᠬᠢᠨᠠᠨ ᠬᠠᠮᠢᠶᠠᠷᠬᠤ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠪᠠ ᠬᠠᠷᠢᠭᠤᠴᠠᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠪᠠᠷ ᠬᠡᠯᠬᠢᠶ᠎ᠡ ᠪᠣᠯᠭᠠᠭᠰᠠᠨ ᠠᠶᠢᠮᠠᠭ᠂ ᠬᠤᠰᠢᠭᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠭᠤᠷᠪᠠᠨ ᠱᠠᠲᠤᠨ ᠤ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠪᠠ ᠮᠥᠷᠳᠡᠨ ᠪᠠᠶᠢᠴᠠᠭᠠᠵᠤ ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠵᠢᠯᠣᠭᠤᠳᠣᠯᠭ᠎ᠠ ᠪᠠ ᠦᠨᠡᠯᠡᠨ ᠵᠢᠱᠢᠯᠲᠡ ᠶᠢ ᠴᠢᠩᠭᠠᠳᠬᠠᠵᠤ᠂ ᠪᠥᠬᠦ ᠠᠶᠢᠮᠠᠭ ᠢᠶᠠᠷ ᠢᠶᠠᠨ ᠵᠢᠯ ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠱᠠᠲᠤ ᠲᠠᠰ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠲᠦᠭᠰᠢᠭᠦᠷᠢ ᠶᠢᠨ ᠵᠥᠪᠳᠡᠯᠴᠡᠭᠡ ᠶᠢ ᠵᠣᠬᠢᠶᠠᠨ ᠪᠠᠶᠢᠭᠤᠯᠤᠨ᠎ᠠ᠃ ᠠᠶᠢᠮᠠᠭ᠂ ᠬᠤᠰᠢᠭᠤ ᠰᠢᠶᠠᠨ ᠬᠤᠲᠠ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠯᠦᠭᠡ ᠵᠣᠯᠭᠠᠭᠤᠯᠬᠤ᠂ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠦᠨᠳᠦ ᠶᠡᠭᠡ ᠬᠡᠷᠡᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠭᠦᠯᠦᠨ᠂ ᠡᠮ ᠤᠨ ᠵᠦᠢᠯ ᠤᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠵᠦ᠂ ᠰᠢᠯᠭᠠᠨ ᠪᠠᠶᠢᠴᠠᠭᠠᠵᠤ ᠦᠨᠡᠮᠰᠢᠬᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ᠂ ᠠᠯᠪᠠᠳᠠᠯᠭ᠎ᠠ ᠪᠠᠷ ᠭᠦᠢᠴᠡᠳᠭᠡᠬᠦ ᠵᠡᠷᠭᠡ ᠠᠵᠢᠯ ᠢ ᠰᠠᠶᠢᠲᠤᠷ ᠬᠢᠵᠦ᠂ ᠬᠠᠮᠲᠤᠷᠠᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠲᠠᠪᠤ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ  ᠤᠨ ᠵᠦᠢᠯ ᠪᠣᠯᠤᠨ ᠵᠠᠰᠠᠯ ᠴᠢᠮᠡᠭ  ᠤᠨ  ᠡᠳ᠋ ᠤᠨ ᠲᠤᠷᠰᠢᠯᠲᠠ  ᠶᠢᠨ ᠲᠠᠰᠤᠭ ᠤᠨ ᠪᠥᠳᠥᠭᠡᠨ ᠪᠠᠶᠢᠭᠤᠯᠤᠯᠲᠠ ᠪᠣᠯᠤᠨ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠣᠷᠣᠭᠤᠯᠤᠯᠲᠠ  ᠶᠢᠨ ᠡᠷᠴᠢᠮ ᠢ ᠨᠡᠮᠡᠭᠳᠡᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠠᠶᠢᠮᠠᠭ  ᠤᠨ ᠱᠠᠲᠤᠨ  ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ  ᠶᠢᠨ ᠪᠠᠶᠢᠭᠤᠯᠤᠯᠲᠠ  ᠶᠢ ᠤᠯᠤᠰ  ᠤᠨC ᠲᠡᠰ ᠠᠴᠠ ᠳᠡᠭᠡᠭᠰᠢᠬᠢ ᠪᠠᠷᠢᠮᠵᠢᠶ᠎ᠠ  ᠳᠤ  ᠬᠦᠷᠦᠭᠦᠯᠬᠦ  ᠶᠢ ᠲᠥᠯᠬᠢᠨ ᠠᠬᠢᠭᠤᠯᠵᠤ᠂ ᠣᠷᠣᠨ ᠨᠤᠲᠤᠭ  ᠤᠨ ᠠᠵᠤ ᠠᠬᠤᠶ  ᠶᠢᠨ ᠬᠥᠭᠵᠢᠯᠲᠡ  ᠶᠢᠨ ᠬᠡᠷᠡᠭᠴᠡᠭᠡ ᠱᠠᠭᠠᠷᠳᠠᠯᠭ᠎ᠠ  ᠶᠢ ᠬᠠᠩᠭᠠᠬᠤ ᠬᠡᠷᠡᠭᠲᠡᠶ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠠᠵᠢᠯ ᠢ ᠴᠢᠩᠭᠠᠳᠬᠠᠨ᠎ᠠ᠃ ᠣᠷᠣᠨ ᠨᠤᠲᠤᠭ ᠤᠨ ᠬᠥᠭᠵᠢᠯᠲᠡ ᠪᠣᠯᠤᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠮ ᠤᠨ ᠵᠦᠢᠯ ᠪᠣᠯᠤᠨ ᠭᠤᠶᠣᠯᠠᠯ ᠤᠨ ᠡᠳ᠋ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠢ ᠬᠠᠨᠳᠤᠯᠭ᠎ᠠ ᠲᠠᠢ ᠪᠠᠷ ᠣᠷᠣᠭᠤᠯᠤᠨ ᠠᠪᠴᠢᠷᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ  ᠦᠢᠯᠡᠳᠦᠯ ᠢ ᠢᠳᠡᠪᠬᠢᠲᠡᠶ ᠪᠠᠳᠠᠷᠠᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶    ︵ᠵᠢᠷᠭᠤᠭ᠎ᠠ︶ ᠡᠮ  ᠤᠨ ᠰᠡᠷᠡᠮᠵᠢᠯᠡᠭᠦᠯᠬᠦ ᠰᠢᠰᠲ᠋ᠧᠮᠵᠢ ᠶᠢ ᠪᠥᠷᠢᠨᠰᠢᠬᠦᠯᠥᠨ᠎ᠡ᠃ ᠡᠮ ᠤᠨ ᠵᠦᠢᠯ ᠤᠨ ᠮᠠᠭᠤ ᠤᠷᠪᠠᠯ ᠢ ᠬᠢᠨᠠᠨ ᠬᠡᠮᠵᠢᠵᠦ ᠦᠨᠡᠯᠡᠬᠦ ᠪᠠᠶᠢᠭᠤᠯᠤᠮᠵᠢ᠂ ᠡᠵᠡᠮᠰᠢᠭᠴᠢ ᠪᠠ ᠡᠮᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠪᠠᠨ ᠭᠦᠢᠴᠡᠳᠭᠡᠭᠰᠡᠨ ᠡᠮ ‍ᠤᠨ‌ᠵᠦ᠋ᠢᠯ ᠤᠨ ᠰᠡᠷᠡᠮᠵᠢᠯᠡᠭᠦᠯᠬᠦ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠢᠨᠠᠨ ᠬᠡᠮᠵᠢᠬᠦ ᠬᠠᠷᠠᠭᠤᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠵᠦ ᠬᠢᠨᠠᠨ ᠬᠡᠮᠵᠢᠬᠦ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ  ᠡᠵᠡᠮᠳᠡᠬᠦ ᠪᠠᠶᠢᠭᠤᠯᠤᠮᠵᠢ ᠶᠢᠨ ᠰᠡᠷᠭᠡᠶᠢᠯᠡᠬᠦ ᠲᠠᠷᠢᠯᠭ᠎ᠠ ᠶᠢᠨ ᠬᠡᠪ ᠤᠨ ᠪᠤᠰᠤ ᠰᠡᠵᠢᠭᠯᠡᠯᠲᠡᠶ ᠲᠤᠰᠬᠠᠯ ᠢ ᠬᠢᠨᠠᠨ ᠬᠡᠮᠵᠢᠬᠦ ᠰᠢᠰᠲ᠋ᠧᠮ ᠯᠦᠭᠡ ᠲᠤᠭ᠎ᠠ ᠪᠠᠷᠢᠮᠲᠠ ᠶᠢ ᠬᠤᠯᠪᠣᠯᠳᠤᠭᠤᠯᠤᠨ ᠬᠡᠷᠡᠭᠯᠡᠬᠦ ᠶᠢ ᠬᠠᠮᠵᠢᠯᠴᠠᠨ ᠠᠬᠢᠭᠤᠯᠤᠨ᠎ᠠ᠃ 2022 ᠣᠨ ᠠᠴᠠ ᠡᠬᠢᠯᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ ᠡᠷᠡᠭᠦᠯ ᠪᠤᠰᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠡᠷᠡᠭᠦᠯ ᠪᠤᠰᠤ ᠬᠡᠷᠡᠭ ᠢ ᠬᠢᠨᠠᠨ ᠬᠡᠮᠵᠢᠭᠰᠡᠨ ᠮᠡᠳᠡᠭᠦᠯᠦᠯᠲᠡ ᠶᠢᠨ ᠲᠤᠭ᠎ᠠ ᠶᠢ ᠲᠣᠰ ᠲᠣᠰ ᠵᠠᠭᠤᠨ ᠲᠦᠮᠡᠨ ᠬᠥᠮᠦᠨ ᠠᠮᠠ ᠪᠦᠷᠢ ᠳᠤ 700 ᠬᠤᠪᠢ᠂ 70 ᠬᠤᠪᠢ ᠪᠠ 240 ᠬᠤᠪᠢ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠳᠣᠯᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠵᠣᠬᠢᠬᠤ ᠲᠠᠰ ᠤᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠨᠠᠭᠠᠳᠤ ᠵᠠᠬ᠎ᠠ ᠳᠠᠭᠠᠨ 2 ᠵᠢᠯ ᠳᠤ 1 ᠤᠳᠠᠭ᠎ᠠ ᠠᠴᠠ ᠳᠤᠲᠠᠭᠤ ᠨᠢᠭᠡᠳᠦᠯᠲᠡᠶ ᠵᠢᠯᠣᠭᠤᠳᠬᠤ᠂ ᠱᠠᠲᠤ ᠬᠤᠪᠢᠶᠠᠨ ᠬᠠᠷᠢᠭᠤᠴᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ ᠨᠠᠢᠮᠠ︶ ︽ᠢᠨᠲ᠋ᠧᠷ ᠰᠦᠯᠵᠢᠶ᠎ᠡ + ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠭᠡᠨ ᠤ  ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ +︾ ᠰᠢᠯᠵᠢᠮᠡᠯ ᠢᠨᠲ᠋ᠧᠷ ᠰᠦᠯᠵᠢᠶ᠎ᠡ ᠶᠢᠨ ᠬᠤᠯᠪᠣᠭᠠᠯᠠᠨ ᠬᠡᠷᠡᠭᠯᠡᠬᠦ ᠶᠢ ᠳᠡᠯᠭᠡᠷᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ  ᠭᠦᠢᠴᠡᠳ ᠠᠰᠢᠭᠯᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ  ᠦᠢᠯᠡᠴᠢᠯᠡᠭᠡᠨ ᠤ ᠠᠷᠭ᠎ᠠ ᠮᠠᠶ᠋ᠢᠭ ᠤᠨ ᠬᠤᠪᠢᠰᠤᠯᠲᠠ ᠶᠢ ᠠᠬᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠭᠰᠠᠨ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠬᠠᠮᠢᠶ᠎ᠠ ᠪᠥᠬᠦᠶ ᠵᠦᠢᠯᠡᠰ ᠢ ︽ᠵᠠᠯᠭᠠᠨ ᠠᠪᠴᠤ ᠳᠡᠶᠢᠯᠬᠦ︾  ᠪᠣᠯᠭᠠᠨ᠎ᠠ᠃ ᠥᠪᠥᠷ ᠮᠣᠩᠭᠤᠯ ᠤᠨ ᠡᠮ ᠤᠨ ᠵᠦᠢᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠢᠳᠡᠪᠬᠢᠲᠡᠶ ᠬᠡᠷᠡᠭᠯᠡᠨ᠂ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠲᠤᠬᠠᠶᠢᠯᠠᠭᠰᠠᠨ ᠠᠵᠢᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠣᠶᠤᠨᠴᠢᠯᠠᠭᠰᠠᠨ ᠬᠠᠮᠵᠢᠯᠴᠠᠨ ᠵᠠᠰᠠᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠤᠯᠠᠨ ᠭᠠᠵᠠᠷ ᠲᠤ ᠬᠦᠨᠳᠡᠵᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯ ᠢ ᠦᠷᠭᠦᠯᠵᠢᠯᠡᠨ ᠥᠷᠨᠢᠭᠦᠯᠪᠡ᠃ ᠰᠦᠯᠵᠢᠶ᠎ᠡ ᠪᠠᠷ ᠪᠣᠷᠣᠯᠠᠭᠤᠯᠬᠤ  ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠬᠢᠨᠠᠨ ᠵᠥᠪᠰᠢᠶᠡᠷᠡᠬᠦ  ᠦᠢᠯᠡᠴᠢᠯᠡᠭᠡᠨ ᠤ ᠲᠣᠪᠴᠢᠶ᠎ᠠ︶    ︵ᠶᠢᠰᠦ︶ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ︽ᠬᠤᠲᠠ ᠰᠢᠶᠠᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠲᠤᠬᠠᠶ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠨᠠᠯ︾ ︵ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ︹ 2022 ︺ 15 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠨ ᠱᠠᠲᠤᠨ ᠤ ᠡᠮ ᠤᠨ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠨᠳᠦᠰᠦᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠡᠮ ᠤᠨ ᠵᠦᠢᠯ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠭᠤᠤᠯᠯᠠᠭᠴᠢ ᠬᠥᠮᠦᠰ ᠢ ᠪᠦᠷᠢᠳᠦᠭᠦᠯᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠶᠢᠨ ᠠᠵᠢᠯ ᠶᠠᠪᠤᠳᠠᠯ ᠤᠨ ᠡᠷᠬᠡ ᠯᠦᠭᠡ ᠵᠣᠬᠢᠴᠠᠯᠳᠤᠭᠰᠠᠨ ᠵᠠᠷᠤᠳᠠᠯ᠂ ᠲᠣᠨᠤᠭ ᠲᠥᠬᠦᠭᠡᠷᠦᠮᠵᠢ ᠵᠡᠷᠭᠡ ᠡᠬᠢ ᠪᠠᠶᠠᠯᠢᠭ ᠪᠠ ᠨᠥᠬᠦᠴᠡᠯ ᠢ ᠬᠠᠩᠭᠠᠬᠤ ᠬᠡᠷᠡᠭᠲᠡᠶ᠃ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠬᠠᠷᠢᠶ᠎ᠠ ᠣᠷᠣᠨ ᠤ ᠪᠠᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠵᠢᠯ ᠪᠦᠷᠢ ᠨᠠᠭᠠᠳᠤ ᠵᠠᠬ᠎ᠠ ᠳᠠᠭᠠᠨ 1 ᠤᠳᠠᠭ᠎ᠠ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ 2 ᠤᠳᠠᠭ᠎ᠠ ᠬᠠᠤᠯᠢ ᠬᠡᠷᠡᠭᠵᠢᠭᠦᠯᠦᠨ ᠬᠢᠨᠠᠯᠲᠠ ᠲᠠᠯᠪᠢᠵᠤ ᠪᠠᠶᠢᠴᠠᠭᠠᠬᠤ ᠶᠢ ᠲᠣᠰ ᠲᠣᠰ ᠵᠣᠬᠢᠶᠠᠨ ᠪᠠᠶᠢᠭᠤᠯᠤᠨ ᠥᠷᠨᠢᠭᠦᠯᠵᠦ᠂ ᠡᠮ ‍ᠤᠨ‌ᠵᠦ᠋ᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠣᠪᠤᠶᠢᠯᠭᠠᠨ᠎ᠠ᠃ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠷᠭ᠎ᠠ ᠵᠠᠮ ᠢ ᠥᠷᠭᠡᠳᠬᠡᠵᠦ᠂ ︽ᠰᠦᠯᠵᠢᠶ᠎ᠡ + ᠪᠣᠳᠠᠲᠠᠶ ᠪᠣᠯᠪᠠᠰᠤᠷᠠᠭᠤᠯᠤᠯ + ᠭᠠᠳᠠᠭᠰᠢ ᠲᠣᠮᠢᠯᠠᠬᠤ︾ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠥᠬᠦ ᠠᠶᠢᠮᠠᠭ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠲᠤᠰᠬᠠᠶᠢᠵᠢᠭᠰᠠᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠠᠷᠪᠠ︶ ᠬᠢᠲᠠᠳ ᠡᠮ ︵ᠮᠣᠩᠭᠤᠯ ᠡᠮ︶ ᠤᠨ ᠬᠥᠭᠵᠢᠯᠲᠡ ᠶᠢ ᠳᠡᠮᠵᠢᠨ᠎ᠡ᠃ ᠪᠥᠬᠦ ᠠᠶᠢᠮᠠᠭ ᠤᠨ ᠡᠮ ᠡᠮᠨᠡᠯᠭᠡ ᠶᠢᠨ ᠠᠵᠤ  ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠵᠦ᠂ ᠬᠢᠩᠭᠠᠨ ᠠᠶᠢᠮᠠᠭ ᠤᠨ ᠵᠢᠩᠬᠢᠨᠢ ᠡᠮ ᠤᠨ ᠮᠠᠲ᠋ᠧᠷᠢᠶᠠᠯ ᠳᠠᠷᠢᠬᠤ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ GAP ᠪᠠᠷᠢᠮᠵᠢᠶ᠎ᠠ ᠶᠣᠰᠣᠭᠠᠷ ᠬᠡᠪᠴᠢᠶᠡᠵᠢᠭᠦᠯᠦᠨ᠂ ᠵᠢᠷᠤᠮᠵᠢᠭᠤᠯᠤᠨ ᠳᠠᠷᠢᠵᠤ ᠲᠡᠵᠢᠭᠡᠬᠦ ᠶᠢ ᠳᠡᠮᠵᠢᠨ ᠠᠬᠢᠭᠤᠯᠤᠨ᠎ᠠ᠃ ᠬᠢᠲᠠᠳ ᠡᠮ ︵ᠮᠣᠩᠭᠤᠯ ᠡᠮ︶ ᠤᠨ ᠲᠥᠷᠥᠯ ᠵᠦᠢᠯ ᠢ ᠰᠤᠳᠤᠯᠤᠨ ᠨᠡᠭᠡᠭᠡᠵᠦ ᠰᠠᠶᠢᠵᠢᠷᠠᠭᠤᠯᠬᠤ ᠶᠢ ᠳᠡᠮᠵᠢᠵᠦ᠂ ᠬᠢᠩᠭᠠᠨ ᠠᠶᠢᠮᠠᠭ ᠤᠨ ᠵᠢᠩᠬᠢᠨᠢ ᠡᠮ ᠤᠨ ᠮᠠᠲ᠋ᠧᠷᠢᠶᠠᠯ ᠤᠨ ᠠᠵᠤ  ᠦᠢᠯᠡᠰ ᠤᠨ ᠬᠡᠪᠴᠢᠶᠡᠵᠢᠬᠦ᠂ ᠪᠠᠷᠢᠮᠵᠢᠶᠠᠵᠢᠬᠤ᠂ ᠨᠠᠷᠠᠲᠤ ᠲᠥᠷᠥᠯ ᠲᠡᠮᠳᠡᠭᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠲᠠᠳ ᠬᠡᠷᠴᠢᠮ ᠡᠮ  ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠵᠢᠩᠬᠢᠨᠢ ᠡᠮ ᠤᠨ ᠮᠠᠲ᠋ᠧᠷᠢᠶᠠᠯ ᠤᠨ ᠡᠭᠦᠯᠳᠡᠷ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠠᠰᠢᠭᠯᠠᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠵᠦ᠂ ᠭᠤᠷᠪᠠᠳᠠᠬᠢ ᠡᠲᠡᠭᠡᠳ ᠤᠨ ᠬᠢᠲᠠᠳ ᠡᠮ ︵ᠮᠣᠩᠭᠤᠯ ᠡᠮ︶ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ ᠶᠢ ᠳᠡᠮᠵᠢᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠠᠷᠪᠠᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠮ ‍ᠤᠨ‌ᠵᠦ᠋ᠢᠯ ᠤᠨ ᠠᠮᠤᠷ ᠲᠦᠪᠰᠢᠨ ᠢᠯᠠᠩᠭᠤᠶ᠎ᠠ ᠸᠠᠺᠼᠢᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠶᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ  ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠱᠠᠲᠤᠨ ᠤ ᠡᠮ ‍ᠤᠨ‌ᠵᠦ᠋ᠢᠯ ᠤᠨ ᠠᠮᠤᠷ ᠲᠦᠪᠰᠢᠨ ᠤ ᠵᠥᠪᠯᠡᠯ ᠢ ᠪᠠᠶᠢᠭᠤᠯᠤᠨ ᠪᠦᠷᠢᠨᠰᠢᠬᠦᠯᠵᠦ᠂ ᠡᠮ ‍ᠤᠨ‌ᠵᠦ᠋ᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠢᠳᠡᠭᠡᠨ ᠪᠠ ᠡᠮ ‍ᠤᠨ‌ᠵᠦ᠋ᠢᠯ ᠤᠨ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠦᠨ᠂ ᠲᠣᠰ ᠭᠠᠵᠠᠷ ᠣᠷᠣᠨ ᠤ ᠡᠮ ᠤᠨ ᠵᠦᠢᠯ ᠤᠨ ᠠᠮᠤᠷ ᠲᠦᠪᠰᠢᠨ ᠤ ᠠᠵᠢᠯ ᠳᠤ ᠬᠠᠤᠯᠢ ᠶᠣᠰᠣᠭᠠᠷ ᠵᠣᠬᠢᠬᠤ  ᠬᠠᠷᠢᠭᠤᠴᠠᠯᠭ᠎ᠠ ᠡᠭᠦᠷᠭᠡᠯᠡᠨ᠎ᠡ᠃ ︵ᠲᠦᠷᠦᠭᠦᠯᠡᠬᠦ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    ︵ᠠᠷᠪᠠᠨ ᠬᠤᠶᠠᠷ︶ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠤᠨ ᠠᠮᠤᠷ ᠲᠦᠪᠰᠢᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠰᠤᠳᠤᠯᠤᠨ  ᠦᠢᠯᠡᠳᠴᠦ ᠰᠢᠨ᠎ᠡ ᠶᠢ ᠡᠭᠦᠳᠬᠦ᠂  ᠦᠢᠯᠡᠳᠪᠦᠷᠢᠯᠡᠵᠦ ᠡᠵᠡᠩᠨᠡᠬᠦ ᠵᠡᠷᠭᠡ ᠠᠵᠢᠯᠯᠠᠭ᠎ᠠ ᠥᠷᠨᠢᠭᠦᠯᠬᠦ ᠳᠤ ᠬᠢᠨᠠᠯᠲᠠ ᠲᠠᠯᠪᠢᠨ᠎ᠠ᠃ ᠡᠮ ᠤᠨ ᠵᠦᠢᠯ ᠤᠨ ᠠᠵᠢᠯ ᠲᠥᠷᠥᠯ ᠤᠨ ᠨᠡᠶᠢᠭᠡᠮᠯᠢᠭ ᠤᠨ ᠵᠢᠷᠤᠮᠵᠢᠯ ᠲᠠᠢ ᠬᠥᠭᠵᠢᠬᠦ᠂  ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠨᠡᠷᠡᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠢᠯᠡ ᠨᠡᠶᠢᠲᠡᠯᠡᠬᠦ ᠲᠦᠷᠢᠮ᠂ ᠢᠲᠡᠭᠡᠮᠵᠢ ᠶᠢ ᠰᠡᠷᠭᠦᠭᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠭᠤᠤᠯ ᠵᠠᠭᠤᠴᠢᠯᠠᠭᠤᠷ ᠤᠨ ᠡᠮ ᠤᠨ ᠵᠦᠢᠯ ᠤᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠬᠢᠭᠡᠳ ᠡᠮᠴᠢᠯᠡᠭᠡᠨ ᠤ ᠬᠠᠮᠢᠶᠠᠷᠤᠯᠲᠠ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠵᠣᠯᠭᠠᠭᠤᠯᠤᠨ ᠬᠡᠷᠡᠭᠯᠡᠬᠦ ᠶᠢ ᠴᠢᠬᠤᠯᠠᠴᠢᠯᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠡᠮ ᠤᠨ ᠵᠦᠢᠯ ᠤᠨ ᠠᠮᠤᠷ ᠲᠦᠪᠰᠢᠨ ᠵᠠᠰᠠᠬᠤ ᠬᠠᠮᠳᠤᠷᠠᠯ ᠤᠨ ᠬᠦᠴᠦᠨ ᠢ ᠪᠦᠷᠢᠯᠳᠦᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠠᠷᠪᠠᠨ ᠭᠤᠷᠪᠠ︶ ᠪᠠᠲᠤᠯᠠᠭ᠎ᠠ ᠳᠡᠮᠵᠢᠯᠭᠡ ᠶᠢ ᠴᠢᠩᠭᠠᠷᠠᠭᠤᠯᠤᠨ᠎ᠠ᠃ ᠡᠮ ᠤᠨ ᠵᠦᠢᠯ ᠢ ᠬᠢᠨᠠᠨ ᠬᠠᠮᠢᠶᠠᠷᠬᠤ ᠠᠵᠢᠯ ᠤᠨ ᠣᠨᠴᠠᠯᠢᠭ ᠲᠤ ᠳᠣᠭᠢᠷᠠᠬᠤ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠡᠮ ᠤᠨ ᠵᠦᠢᠯ ᠢ ᠬᠢᠨᠠᠨ ᠬᠠᠮᠢᠶᠠᠷᠬᠤ ᠵᠠᠷᠤᠳᠠᠯ ᠢ ᠵᠦᠶ ᠵᠣᠬᠢᠰᠲᠠᠶ ᠳᠣᠭᠢᠷᠠᠭᠤᠯᠤᠨ᠂ ᠲᠤᠭ᠎ᠠ ᠶᠣᠰᠣᠭᠠᠷ ᠪᠠᠲᠤᠯᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠡᠮ ᠤᠨ ᠵᠦᠢᠯ ᠢ ᠬᠢᠨᠠᠨ ᠬᠠᠮᠢᠶᠠᠷᠬᠤ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠳᠣᠭᠢᠷᠠᠭᠤᠯᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠡᠮ ‍ᠤᠨ‌ᠵᠦ᠋ᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠲᠣᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠡᠮ ‍ᠤᠨ‌ᠵᠦ᠋ᠢᠯ ᠤᠨ ᠠᠮᠤᠷ ᠲᠦᠪᠰᠢᠨ ᠤ ᠡᠳ᠋ ᠤᠨ ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠡᠮ ‍ᠤᠨ‌ᠵᠦ᠋ᠢᠯ ᠤᠨ ᠠᠮᠤᠷ ᠲᠦᠪᠰᠢᠨ ᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠨ᠎ᠠ᠃ ︵ᠲᠦᠷᠦᠭᠦᠯᠡᠬᠦ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ   ᠤᠨ  ︽ᠬᠢᠩᠭᠠᠨ ᠠᠶᠢᠮᠠᠭ ᠤᠨ 2023 ᠣᠨ ᠤ ᠴᠢᠬᠤᠯᠠ ᠶᠡᠭᠡ ᠲᠥᠷᠥᠯ  ᠵᠦᠢᠯ ᠤᠨ ᠠᠵᠢᠯ ᠡᠬᠢᠯᠡᠭᠦᠯᠬᠦ ᠭᠠᠷᠳᠠᠮ ᠢ ︿  ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ  ﹀ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ︹ 2022 ︺ 63 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠳᠦᠭᠡ ︽ᠬᠢᠩᠭᠠᠨ ᠠᠶᠢᠮᠠᠭ ᠤᠨ 2023 ᠣᠨ ᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ︾ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ ᠶᠢᠨ ︽ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃    2022 ᠣᠨ ᠤ 11 ᠰᠠᠷ᠎ᠠ ᠶᠢᠨ 28 ‍ᠤ‌ᠡᠳᠦᠷ    ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶    ᠬᠢᠩᠭᠠᠨ ᠠᠶᠢᠮᠠᠭ ᠤᠨ 2023 ᠣᠨ ᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ  ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ  ︾  ᠶᠢ ᠬᠡᠷᠡᠭᠵᠢᠭᠦᠯᠬᠦ ᠲᠥᠰᠦᠯ    ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾ ᠶᠢᠨ ᠠᠵᠢᠯ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠠᠬᠢᠴᠠ ᠶᠢ ᠲᠦᠷᠭᠡᠳᠬᠡᠬᠦ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠡᠭᠦᠷᠭᠡ ᠬᠠᠷᠠᠯᠲᠠ    2023 ᠣᠨ ᠳᠤ ᠬᠡᠷᠡᠭᠵᠢᠭᠦᠯᠬᠦ ᠪᠠᠷ ᠲᠣᠭᠲᠠᠭᠠᠭᠰᠠᠨ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠵᠦ᠂ 2023 ᠣᠨ ᠳᠤ ᠰᠢᠨ᠎ᠡ ᠪᠠᠷ ᠠᠵᠢᠯ ᠡᠬᠢᠯᠡᠭᠦᠯᠬᠦ ᠪᠠᠷ ᠲᠥᠯᠥᠪᠯᠡᠭᠰᠡᠨ ᠴᠢᠬᠤᠯᠠ ᠶᠡᠭᠡ ᠲᠥᠷᠥᠯ ᠵᠦᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠤᠯ ᠪᠣᠯᠬᠤ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠵᠦ᠂ ᠠᠵᠢᠯ ᠡᠬᠢᠯᠡᠭᠦᠯᠬᠦ ᠨᠥᠬᠦᠴᠡᠯ ᠢ ᠪᠦᠷᠢᠳᠦᠭᠦᠯᠬᠦ ᠶᠢ ᠦᠨᠡᠨᠬᠦ ᠪᠠᠲᠤᠯᠠᠨ᠎ᠠ᠃    ᠬᠤᠶᠠᠷ᠂ ᠬᠢᠨᠠᠨ ᠵᠥᠪᠰᠢᠶᠡᠷᠡᠭᠰᠡᠨ ᠴᠠᠭ    ᠨᠢᠭᠡᠳᠦᠭᠡᠷ ᠪᠦᠯᠦᠭ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠨᠢ 2022 ᠣᠨ ᠤ 12 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ︔ ᠬᠤᠶᠠᠳᠤᠭᠠᠷ ᠪᠦᠯᠦᠭ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠨᠢ 2023 ᠣᠨ ᠤ 1 ᠰᠠᠷ᠎ᠠ ᠶᠢᠨ 1 ᠤ ᠡᠳᠦᠷ ᠠᠴᠠ 2023 ᠣᠨ ᠤ 1 ᠰᠠᠷ᠎ᠠ ᠶᠢᠨ 15 ᠤ ᠡᠳᠦᠷ ᠪᠣᠯᠲᠠᠯ᠎ᠠ︔ ᠭᠤᠷᠪᠠᠳᠤᠭᠠᠷ ᠪᠦᠯᠦᠭ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠨᠢ 2023 ᠣᠨ ᠤ 2 ᠰᠠᠷ᠎ᠠ ᠶᠢᠨ 6 ᠤ ᠡᠳᠦᠷ ᠠᠴᠠ 2023 ᠣᠨ ᠤ 2 ᠰᠠᠷ᠎ᠠ ᠶᠢᠨ 20 ᠤ ᠡᠳᠦᠷ ᠪᠣᠯᠲᠠᠯ᠎ᠠ ᠪᠣᠯᠤᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠢ ᠨᠢᠭᠡᠳᠦᠯᠲᠡᠶ ᠪᠠᠶᠢᠯᠭᠠᠨ᠎ᠠ᠃    ᠭᠤᠷᠪᠠ᠂ ᠬᠠᠷᠢᠭᠤᠴᠠᠯᠭ᠎ᠠ ᠲᠠᠢ ᠭᠠᠵᠠᠷ ᠣᠷᠣᠨ ᠪᠠ ᠰᠠᠯᠠᠭ᠎ᠠ ᠮᠥᠴᠢᠷ    ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠵᠢᠴᠢ ᠠᠶᠢᠮᠠᠭ ᠤᠨ ᠰᠢᠭᠤᠳ ᠬᠠᠷᠢᠶ᠎ᠠ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠃ ᠡᠯ᠎ᠡ ᠬᠠᠷᠢᠭᠤᠴᠠᠯᠭ᠎ᠠ ᠲᠠᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠡᠮᠦᠨᠡᠬᠢ ᠬᠤᠭᠤᠴᠠᠭᠠᠨ ᠤ ᠭᠠᠷᠳᠠᠮ ᠤᠨ ᠠᠬᠢᠴᠠ ᠶᠢ ᠪᠥᠬᠦ ᠶᠠᠪᠤᠴᠠ ᠪᠠᠷ ᠬᠠᠷᠢᠭᠤᠴᠠᠨ ᠠᠬᠢᠭᠤᠯᠬᠤ ᠬᠡᠷᠡᠭᠲᠡᠶ᠃    ᠳᠥᠷᠪᠡ᠂ ᠬᠢᠨᠠᠨ ᠵᠥᠪᠰᠢᠶᠡᠷᠡᠬᠦ ᠪᠠᠶᠢᠭᠤᠯᠭ᠎ᠠ    ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶ᠋ᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ  ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ︔ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ᠃    ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠡᠮᠬᠢᠯᠡᠨ ᠪᠠᠶᠢᠴᠠᠭᠠᠬᠤ ᠱᠠᠲᠤ ᠦᠶ᠎ᠡ᠃ 2022 ᠣᠨ ᠤ 12 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 5 ᠤ ᠡᠳᠦᠷ ᠪᠣᠯᠲᠠᠯ᠎ᠠ᠂ 2023 ᠣᠨ ᠤ 1 ᠰᠠᠷ᠎ᠠ ᠶᠢᠨ 1 ᠤ ᠡᠳᠦᠷ ᠠᠴᠠ 1 ᠰᠠᠷ᠎ᠠ ᠶᠢᠨ 5 ᠤ ᠡᠳᠦᠷ ᠪᠣᠯᠲᠠᠯ᠎ᠠ᠂ 2023 ᠣᠨ ᠤ 2 ᠰᠠᠷ᠎ᠠ ᠶᠢᠨ 6 ᠤ ᠡᠳᠦᠷ ᠠᠴᠠ 2023 ᠣᠨ ᠤ 2 ᠰᠠᠷ᠎ᠠ ᠶᠢᠨ 10 ᠤ ᠡᠳᠦᠷ ᠪᠣᠯᠲᠠᠯ᠎ᠠ᠂ ᠭᠤᠷᠪᠠ ᠤᠳᠠᠭ᠎ᠠ ᠬᠤᠪᠢᠶᠠᠨ ᠡᠮᠬᠢᠯᠡᠨ᠎ᠠ᠃ ᠡᠯ᠎ᠡ ᠬᠤᠰᠢᠭᠤ ᠰᠢᠶᠠᠨ ᠬᠤᠲᠠ ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ︽ᠡᠪᠦᠯ ᠤᠨ ᠨᠥᠭᠡᠴᠡᠯᠡᠯᠲᠡ︾ ᠶᠢᠨ ᠱᠠᠲᠤ ᠦᠶ᠎ᠡ ᠶᠢᠨ ᠲᠥᠰᠦᠪᠯᠡᠨ ᠨᠥᠭᠡᠴᠡᠯᠡᠬᠦ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠤᠨ ᠭᠦᠢᠴᠡᠳᠬᠡᠬᠦ ᠵᠦᠢᠯᠡᠰ ᠢ ᠮᠡᠳᠡᠭᠦᠯᠦᠨ ᠬᠦᠷᠭᠡᠵᠦ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ 2023 ᠣᠨ ᠤ ᠲᠥᠯᠥᠪᠯᠡᠭᠡ ᠶᠢ ᠬᠡᠷᠡᠭᠵᠢᠭᠦᠯᠬᠦ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠨᠠᠷᠢᠨ ᠳᠠᠩᠰᠠ ᠶᠢ ᠬᠤᠷᠢᠶᠠᠩᠭᠤᠶᠢᠯᠠᠨ ᠪᠦᠷᠢᠯᠳᠦᠭᠦᠯᠵᠦ᠂ ᠡᠭᠦᠨ ᠤ ᠬᠠᠮᠲᠤ ᠲᠣᠰ ᠨᠠᠷᠢᠨ ᠲᠠᠩᠰᠠ ᠶᠢ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠲᠠᠷ ᠬᠠᠭᠠᠯᠪᠤᠷᠢᠯᠠᠯᠲᠠ ᠶᠢᠨ  ᠦᠢᠯᠡᠰ ᠤᠨ ᠬᠥᠭᠵᠢᠯᠲᠡ ᠶᠢᠨ ᠲᠥᠪ ᠪᠣᠯᠤᠨ ᠠᠶᠢᠮᠠᠭ ᠤᠨ ᠰᠢᠭᠤᠳ ᠬᠠᠷᠢᠶ᠎ᠠ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠵᠡᠷᠭᠡ ᠳᠤᠨᠢ ᠬᠦᠷᠭᠡᠵᠦ ᠤᠷᠢᠳᠴᠢᠯᠠᠨ ᠬᠢᠨᠠᠭᠤᠯᠤᠨ᠎ᠠ᠃ ᠬᠠᠷᠢᠭᠤᠴᠠᠯᠭ᠎ᠠ ᠶᠢᠨ ᠭᠠᠵᠠᠷ ᠣᠷᠣᠨ ᠪᠣᠯᠤᠨ ᠰᠠᠯᠠᠭ᠎ᠠ ᠮᠥᠴᠢᠷ ᠵᠢᠴᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠨᠡᠪᠲᠡᠷᠡᠯᠴᠡᠵᠦ᠂ ᠨᠠᠷᠢᠨ ᠬᠠᠭᠤᠳᠠᠰᠤ ᠶᠢᠨ ᠳᠣᠲᠣᠷᠠᠬᠢ ᠴᠢᠬᠤᠯᠠ ᠶᠡᠭᠡ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠠᠰ ᠳᠠᠪᠬᠤᠷᠭ᠎ᠠ᠂ ᠬᠢᠨᠠᠨ ᠵᠥᠪᠰᠢᠶᠡᠷᠡᠬᠦ  ᠵᠦᠢᠯᠡᠰ ᠵᠡᠷᠭᠡ ᠠᠭᠤᠯᠭ᠎ᠠ ᠶᠢ ᠨᠢᠭᠡᠳ ᠨᠢᠭᠡ ᠪᠠᠷ ᠲᠣᠳᠣᠷᠬᠠᠶᠢᠯᠠᠬᠤ ᠶᠢᠨ ᠬᠠᠮᠲᠤ᠂ ᠲᠣᠳᠣᠷᠬᠠᠶᠢᠯᠠᠭᠰᠠᠨ ᠤ ᠳᠠᠷᠠᠭᠠᠬᠢ ᠨᠠᠷᠢᠨ ᠬᠠᠭᠤᠳᠠᠰᠤ ᠶᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠠᠷᠢᠭᠤ ᠲᠤᠰᠬᠠᠵᠤ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠮᠬᠢᠯᠡᠨ ᠨᠠᠷᠢᠯᠢᠬᠵᠢᠭᠤᠯᠵᠤ ᠪᠠᠶᠢᠭᠠᠳ ᠠᠶᠢᠮᠠᠭ ᠤᠨ ᠲᠣᠰ ᠱᠠᠲᠤᠨ ᠤ ᠬᠢᠨᠠᠨ ᠵᠥᠪᠰᠢᠶᠡᠷᠡᠬᠦ   ᠵᠦᠢᠯᠡᠰ᠂ ᠬᠤᠰᠢᠭᠤ ᠰᠢᠶᠠᠨ ᠬᠤᠲᠠ ᠶᠢᠨ ᠬᠢᠨᠠᠨ ᠵᠥᠪᠰᠢᠶᠡᠷᠡᠬᠦ ᠵᠦᠢᠯᠡᠰ᠂ ᠲᠣᠨᠣᠭᠯᠠᠭᠠᠰᠤ ᠶᠢ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠬᠢᠨᠠᠨ ᠵᠥᠪᠰᠢᠶᠡᠷᠡᠬᠦ  ᠵᠦᠢᠯᠡᠰ ᠵᠡᠷᠭᠡ ᠳᠤ ᠮᠡᠳᠡᠭᠦᠯᠬᠦ ᠨᠠᠷᠢᠨ ᠬᠠᠭᠤᠳᠠᠰᠤ ᠶᠢ ᠪᠣᠶ ᠪᠣᠯᠭᠠᠨ᠎ᠠ᠃    ︵ᠬᠤᠶᠠᠷ︶ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤ ᠦᠶ᠎ᠡ᠃ 2022 ᠣᠨ ᠤ 12 ᠰᠠᠷ᠎ᠠ ᠶᠢᠨ 6 ᠤ ᠡᠳᠦᠷ ᠠᠴᠠ 2022 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ᠂ 2023 ᠣᠨ ᠤ 1 ᠰᠠᠷ᠎ᠠ ᠶᠢᠨ 6 ᠤ ᠡᠳᠦᠷ ᠠᠴᠠ 15 ᠤ ᠡᠳᠦᠷ ᠪᠣᠯᠲᠠᠯ᠎ᠠ᠂ 2023 ᠣᠨ ᠤ 2 ᠰᠠᠷ᠎ᠠ ᠶᠢᠨ 11 ᠤ ᠡᠳᠦᠷ ᠠᠴᠠ 20 ᠤ ᠡᠳᠦᠷ ᠪᠣᠯᠲᠠᠯ᠎ᠠ᠂ ᠭᠤᠷᠪᠠ ᠤᠳᠠᠭ᠎ᠠ ᠬᠤᠪᠢᠶᠠᠨ ᠲᠥᠪᠯᠡᠷᠡᠭᠦᠯᠦᠨ ᠬᠢᠨᠠᠨ ᠵᠥᠪᠰᠢᠶᠡᠷᠡᠨ᠎ᠡ᠃ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭ᠎ᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠨᠢᠭᠡᠨᠲᠡ ᠪᠣᠶ ᠪᠣᠯᠤᠭᠰᠠᠨ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠲᠠᠩᠰᠠ ᠶᠢ ᠬᠡᠷᠡᠭ ᠶᠠᠪᠤᠳᠠᠯ ᠤᠨ ᠡᠷᠬᠡ ᠶᠢᠨ ᠬᠡᠪᠴᠢᠶ᠎ᠡ ᠶᠢ ᠦᠨᠳᠦᠰᠦᠯᠡᠨ ᠬᠦᠷᠭᠡᠨ ᠥᠭᠭᠦᠨ᠎ᠡ᠃ ᠠᠶᠢᠮᠠᠭ ᠬᠤᠰᠢᠭᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠡᠷᠬᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢᠨ ᠶᠣᠰᠣᠭᠠᠷ ᠨᠠᠷᠢᠨ ᠬᠠᠭᠤᠳᠠᠰᠤ ᠶᠢᠨ ᠳᠣᠲᠣᠷᠠᠬᠢ ᠭᠦᠢᠴᠡᠳᠭᠡᠬᠦ ᠴᠢᠬᠤᠯᠠᠲᠠᠶ  ᠵᠦᠢᠯᠡᠰ ᠢ ᠵᠡᠷᠭᠡᠪᠡᠷ ᠲᠥᠪᠯᠡᠷᠡᠭᠦᠯᠦᠨ ᠬᠢᠨᠠᠨ ᠵᠥᠪᠰᠢᠶᠡᠷᠡᠵᠦ᠂ ᠴᠢᠬᠤᠯᠠ ᠨᠥᠬᠦᠴᠡᠯ ᠨᠢ ᠪᠦᠷᠢᠨ ᠭᠦᠢᠴᠡᠳ ᠴᠢᠬᠤᠯᠠ ᠶᠡᠭᠡ ᠲᠥᠷᠥᠯ ᠵᠦᠢᠯ ᠢ ᠲᠣᠭᠲᠠᠭᠠᠭᠰᠠᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢᠨ ᠳᠣᠲᠣᠷ᠎ᠠ ᠪᠦᠬᠦᠨ ᠢ ᠬᠢᠨᠠᠨ ᠵᠥᠪᠰᠢᠶᠡᠷᠡᠵᠦ ᠭᠦᠢᠴᠡᠳᠭᠡᠨ᠎ᠡ︔ ᠴᠢᠬᠤᠯᠠ ᠨᠥᠬᠦᠴᠡᠯ ᠨᠢ ᠪᠦᠷᠢᠨ ᠪᠤᠰᠤ ᠲᠥᠷᠥᠯ ᠵᠦᠢᠯ ᠳᠤ ᠪᠣᠯ᠂ ᠬᠢᠨᠠᠨ ᠵᠥᠪᠰᠢᠶᠡᠷᠡᠬᠦ  ᠵᠦᠢᠯᠡᠰ ᠲᠤ ᠬᠤᠯᠪᠣᠭᠳᠠᠬᠤ ᠠᠶᠢᠮᠠᠭ ᠤᠨ ᠰᠢᠭᠤᠳ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠰᠢᠮᠳᠠᠭᠤᠯᠤᠨ ᠬᠠᠪᠰᠤᠷᠴᠤ ᠪᠠᠶᠢᠭᠠᠳ ᠴᠢᠬᠤᠯᠠ ᠨᠥᠬᠦᠴᠡᠯ ᠢ ᠴᠠᠭ ᠲᠤᠬᠠᠶ ᠳᠤᠨᠢ ᠪᠦᠷᠢᠳᠦᠭᠦᠯᠦᠨ᠎ᠡ᠃ ᠨᠢᠭᠡᠳᠦᠭᠡᠷ ᠤᠳᠠᠭ᠎ᠠ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤ ᠦᠶ᠎ᠡ ᠳᠤ᠂ ᠠᠶᠢᠮᠠᠭ ᠬᠤᠰᠢᠭᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ  ᠵᠦᠢᠯᠡᠰ ᠤᠨ ᠨᠠᠷᠢᠨ ᠬᠠᠭᠤᠳᠠᠰᠤ ᠶᠢᠨ ᠳᠣᠲᠣᠷᠠᠬᠢ  ᠭᠠᠭᠴᠠ ᠴᠢᠬᠤᠯᠠ ᠶᠡᠭᠡ ᠲᠥᠷᠥᠯ ᠵᠦᠢᠯ ᠤᠨ ︽ ᠭᠦᠢᠴᠡᠳᠭᠡᠪᠡᠰᠦ ᠵᠣᠬᠢᠬᠤ ᠡᠰᠡ  ᠭᠦᠢᠴᠡᠳᠭᠡᠭᠰᠡᠨ︾ ᠬᠢᠨᠠᠨ ᠵᠥᠪᠰᠢᠶᠡᠷᠡᠬᠦ  ᠵᠦᠢᠯᠡᠰ ᠢ  ᠭᠦᠢᠴᠡᠳᠭᠡᠵᠦ ᠳᠠᠭᠤᠰᠬᠠᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ︔ ᠬᠤᠶᠠᠳᠤᠭᠠᠷ ᠤᠳᠠᠭᠠᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤᠨ ᠳᠤ᠂ ᠭᠠᠭᠴᠠ ᠴᠢᠬᠤᠯᠠ ᠶᠡᠭᠡ ᠲᠥᠷᠥᠯ ᠵᠦᠢᠯ ᠤᠨ ︽ᠭᠦᠢᠴᠡᠳᠭᠡᠬᠦ ᠶᠣᠰᠣᠲᠠᠶ ᠪᠠᠶᠢᠲᠠᠯ᠎ᠠ  ᠭᠦᠢᠴᠡᠳᠭᠡᠭᠰᠡᠨ ᠥᠬᠡᠶ︾ ᠬᠢᠨᠠᠨ ᠵᠥᠪᠰᠢᠶᠡᠷᠡᠬᠦ  ᠵᠦᠢᠯᠡᠰ ᠢ  ᠭᠦᠢᠴᠡᠳᠭᠡᠵᠦ ᠳᠠᠭᠤᠰᠬᠠᠭᠰᠠᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ︔ ᠬᠢᠨᠠᠨ ᠵᠥᠪᠰᠢᠶᠡᠷᠡᠬᠦ  ᠵᠦᠢᠯᠡᠰ ᠢ  ᠭᠦᠢᠴᠡᠳᠭᠡᠵᠦ ᠳᠠᠭᠤᠰᠬᠠᠭᠠᠳᠤᠶ ᠪᠠᠶᠢᠪᠠᠯ᠂ ᠭᠤᠷᠪᠠᠳᠤᠭᠠᠷ ᠤᠳᠠᠭᠠᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤᠨ ᠳᠤ ᠡᠮᠦᠨᠡᠬᠢ ᠬᠤᠭᠤᠴᠠᠭᠠᠨ ᠤ ᠭᠤᠤᠯ ᠭᠠᠷᠳᠠᠮ ᠢ ᠪᠦᠬᠦᠨ ᠢ  ᠭᠦᠢᠴᠡᠳᠭᠡᠵᠦ᠂ ᠠᠵᠢᠯ ᠡᠬᠢᠯᠡᠭᠦᠯᠬᠦ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ︔ ᠡᠷᠬᠡ ᠬᠠᠷᠢᠭᠤᠴᠠᠯᠭ᠎ᠠ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠳᠤ ᠪᠠᠶᠢᠪᠠᠯ᠂ ᠬᠢᠨᠠᠨ ᠵᠥᠪᠰᠢᠶᠡᠷᠡᠬᠦ ᠪᠦᠯᠦᠭᠯᠡᠯ ᠤᠨ ᠵᠦᠢᠯᠡᠰ ᠲᠤ ᠬᠤᠯᠪᠣᠭᠳᠠᠬᠤ ᠠᠶᠢᠮᠠᠭ ᠤᠨ ᠰᠢᠭᠤᠳ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠤᠰᠢᠭᠤ ᠰᠢᠶᠠᠨ ᠬᠤᠲᠠ ᠶᠢᠨ ᠠᠵᠢᠯ ᠲᠥᠷᠥᠯ ᠤᠨ ᠰᠢᠰᠲ᠋ᠧᠮᠵᠢᠭᠰᠡᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠬᠠᠮᠵᠢᠨ ᠬᠠᠮᠤᠭ ᠤᠨ ᠣᠬᠤᠷ ᠬᠤᠭᠤᠴᠠᠭᠠᠨ ᠤ ᠳᠣᠲᠣᠷ᠎ᠠ ᠪᠦᠯᠦᠭᠯᠡᠯ ᠢ ᠨᠢ ᠪᠡᠶᠡᠯᠡᠭᠦᠯᠵᠦ᠂ ᠪᠦᠯᠦᠭᠯᠡᠯ ᠢ ᠨᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠳᠤ ᠬᠠᠮᠤᠭ ᠤᠨ ᠲᠡᠷᠢᠭᠦᠨ ᠳᠤ ᠳᠡᠭᠡᠭᠰᠢ ᠮᠡᠳᠡᠭᠦᠯᠬᠦ ᠶᠢᠨ ᠬᠠᠮᠲᠤ᠂ ᠲᠤᠰᠬᠠᠶ ᠬᠥᠮᠦᠨ ᠲᠣᠮᠢᠯᠠᠨ ᠭᠦᠢᠴᠡᠳᠭᠡᠬᠦ ᠠᠬᠢᠴᠠ ᠶᠢ ᠠᠩᠬᠠᠷᠴᠤ᠂ ᠠᠵᠢᠯ ᠡᠬᠢᠯᠡᠭᠦᠯᠬᠦ ᠠᠴᠠ ᠡᠮᠦᠨ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠭᠤᠷᠪᠠ︶ ︽ᠡᠷᠭᠢᠵᠦ ᠬᠠᠷᠠᠬᠤ︾ ᠱᠠᠲᠤ ᠦᠶ᠎ᠡ᠃ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠡᠩ ᠤᠨ ᠦᠶ᠎ᠡ ᠶᠢᠨ ᠬᠢᠨᠠᠨ ᠵᠥᠪᠰᠢᠶᠡᠷᠡᠬᠦ ᠯᠦᠭᠡ ᠬᠠᠷᠢᠯᠴᠠᠨ ᠤᠶᠠᠯᠳᠤᠭᠤᠯᠵᠤ᠂ ᠠᠶᠢᠮᠠᠭ ᠤᠨ ᠰᠢᠭᠤᠳ ᠬᠠᠷᠢᠶ᠎ᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠣᠯᠤᠨ ᠬᠤᠰᠢᠭᠤ ᠰᠢᠶᠠᠨ ᠬᠤᠲᠠ ᠨᠢ ᠤᠳᠠᠭ᠎ᠠ ᠪᠦᠷᠢ ᠶᠢᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠳᠠᠭᠤᠰᠤᠭᠰᠠᠨ ᠤ ᠳᠠᠷᠠᠭ᠎ᠠ᠂ ᠴᠥᠮ ︽ᠡᠷᠭᠢᠵᠦ ᠦᠵᠡᠬᠦ︾ ᠴᠢᠬᠤᠯᠠᠲᠠᠶ ᠪᠠᠶᠢᠵᠤ᠂ ᠲᠣᠭᠲᠠᠭᠠᠭᠰᠠᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢᠨ ᠳᠣᠲᠣᠷ᠎ᠠ᠂ ᠣᠨᠴᠣᠭᠤᠶ ᠪᠠᠶᠢᠳᠠᠯ ᠠᠴᠠ ᠪᠣᠯᠵᠣ ᠭᠦᠢᠴᠡᠳᠭᠡᠵᠦ ᠳᠠᠭᠤᠰᠬᠠᠬᠤ ᠶᠢᠨ ᠠᠷᠭ᠎ᠠ ᠥᠬᠡᠶ  ᠵᠦᠢᠯᠡᠰ ᠢ ᠨᠢᠭᠡᠳ ᠨᠢᠭᠡ ᠪᠠᠷ ᠵᠠᠳᠠᠯᠤᠨ ᠰᠤᠳᠤᠯᠤᠨ ᠮᠠᠭᠠᠳᠯᠠᠵᠤ᠂ ᠠᠰᠠᠭᠤᠳᠠᠯ ᠤᠨ ᠵᠠᠩᠭᠢᠯᠠᠭ᠎ᠠ ᠶᠢ ᠡᠷᠢᠨ ᠭᠠᠷᠭᠠᠵᠤ᠂  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠂ ᠳᠠᠷᠤᠶ ᠲᠦᠷᠭᠡᠨ  ᠭᠦᠢᠴᠡᠳᠭᠡᠵᠦ ᠳᠠᠭᠤᠰᠬᠠᠬᠤ ᠬᠡᠷᠡᠭᠲᠡᠶ᠃ ᠤᠳᠠᠭ᠎ᠠ ᠪᠦᠷᠢ ᠶᠢᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢᠨ ᠬᠤᠭᠤᠴᠠᠭᠠᠨ ᠳᠠᠬᠢ ᠴᠢᠬᠤᠯᠠ ᠶᠡᠭᠡ ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠠ ᠲᠣᠨᠣᠭᠯᠠᠯ ᠤᠨ ᠠᠬᠢᠴᠠ ᠶᠢᠨ ᠪᠠᠶᠢᠳᠠᠯ ᠢ ᠠᠶᠢᠮᠠᠭ ᠬᠤᠰᠢᠭᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠡᠳᠦᠷ ᠤᠨ ᠮᠡᠳᠡᠭᠦᠯᠦᠯᠲᠡ ᠬᠢᠵᠦ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠡᠳᠦᠷ ᠤᠨ ᠲᠣᠬᠢᠷᠠᠭᠤᠯᠤᠯᠲᠠ᠂ ᠡᠳᠦᠷ ᠤᠨ ᠨᠡᠪᠲᠡᠷᠡᠭᠦᠯᠭᠡ ᠬᠢᠬᠦ ᠶᠢᠨ ᠬᠠᠮᠲᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠡᠯ᠎ᠡ ᠱᠠᠲᠤ ᠦᠶ᠎ᠡ ᠶᠢᠨ ᠪᠡᠶᠡᠯᠡᠭᠦᠯᠦᠭᠰᠡᠨ ᠪᠠᠶᠢᠳᠠᠯ ᠤᠨ ᠶᠡᠷᠦᠩᠬᠡᠶ ᠮᠡᠳᠡᠭᠦᠯᠦᠯᠲᠡ ᠶᠢ ᠪᠦᠷᠢᠯᠳᠦᠭᠦᠯᠦᠨ ᠠᠶᠢᠮᠠᠭ ᠵᠠᠬᠢᠷᠭ᠎ᠠ ᠳᠤ ᠮᠡᠳᠡᠭᠦᠯᠬᠦ ᠬᠡᠷᠡᠭᠲᠡᠶ᠃    ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠢᠩᠭᠠᠨ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢ ᠠᠬᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠬᠢᠷᠭ᠎ᠠ ᠶᠢᠨ ᠭᠤᠤᠯ ᠤᠳᠤᠷᠢᠳᠤᠯᠭ᠎ᠠ ᠨᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠵᠠᠬᠢᠷᠭ᠎ᠠ ᠶᠢᠨ ᠡᠯ᠎ᠡ ᠬᠤᠪᠢᠳᠠᠨ ᠬᠠᠮᠢᠶᠠᠷᠴᠤ ᠪᠥᠬᠦᠶ ᠠᠶᠢᠮᠠᠭ ᠤᠨ ᠳᠡᠳ᠋ ᠳᠠᠷᠤᠭ᠎ᠠ ᠨᠢ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠶᠢᠮᠠᠭ ᠤᠨ ᠰᠢᠭᠤᠳ ᠬᠠᠷᠢᠶ᠎ᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠪᠠ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ ᠭᠤᠤᠯᠳᠠᠭᠤ ᠪᠥᠬᠦ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠳᠤ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢ ᠳᠣᠭᠢᠷᠠᠭᠤᠯᠬᠤ  ᠂ ᠵᠣᠬᠢᠴᠠᠭᠤᠯᠬᠤ᠂ ᠮᠡᠳᠡᠭᠡᠯᠡᠬᠦ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ︽ᠨᠢᠭᠡᠳᠦᠭᠡᠷ ᠭᠠᠷ︾ ᠤᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠪᠣᠯᠤᠨ ᠪᠣᠳᠠᠲᠠᠶ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠦᠲᠦᠮᠵᠢᠲᠡᠶ ᠵᠣᠯᠭᠠᠭᠤᠯᠵᠤ᠂ ᠨᠢᠭᠲᠠ ᠬᠠᠮᠵᠢᠯᠴᠠᠨ᠂ ᠬᠠᠪᠰᠤᠷᠤᠨ  ᠭᠦᠢᠴᠡᠳᠭᠡᠵᠦ ᠣᠷᠣᠯᠠᠨ  ᠭᠦᠢᠴᠡᠳᠭᠡᠵᠦ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ᠃    ︵ᠭᠤᠷᠪᠠ︶ ᠮᠡᠳᠡᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠶᠢᠮᠠᠭ ᠤᠨ ᠵᠠᠬᠢᠷᠭ᠎ᠠ ᠨᠢ ᠠᠶᠢᠮᠠᠭ ᠤᠨ ᠱᠠᠲᠤᠨ ᠤ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠳᠤ ᠲᠣᠭᠲᠠᠮᠠᠯ ᠬᠤᠭᠤᠴᠠᠭ᠎ᠠ ᠲᠠᠢ ᠪᠠᠷ ᠨᠠᠷᠢᠨ ᠬᠠᠭᠤᠳᠠᠰᠤ ᠶᠢᠨ ᠳᠣᠲᠣᠷᠠᠬᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ  ᠭᠦᠢᠴᠡᠳᠭᠡᠭᠰᠡᠨ ᠠᠬᠢᠴᠠ ᠶᠢᠨ ᠪᠠᠶᠢᠳᠠᠯ ᠢ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢᠨ ᠬᠤᠭᠤᠴᠠᠭᠠᠨ ᠳᠤ ᠡᠳᠦᠷ ᠲᠤ ᠨᠡᠪᠲᠡᠷᠡᠭᠦᠯᠬᠦ ᠶᠢ ᠬᠡᠷᠡᠭᠵᠢᠭᠦᠯᠵᠦ᠂ ᠡᠩ ᠤᠨ ᠦᠶ᠎ᠡ ᠳᠤ ᠬᠠᠭᠠᠰ ᠰᠠᠷ᠎ᠠ ᠪᠦᠷᠢ ᠨᠡᠪᠲᠡᠷᠡᠭᠦᠯᠦᠨ᠎ᠡ᠃ ᠡᠭᠦᠨ ᠤ ᠬᠠᠮᠲᠤ ᠢᠯᠡᠷᠡᠯ ᠨᠢ ᠲᠣᠪᠤᠶᠢᠮ᠎ᠠ  ᠨᠢᠭᠡᠴᠢ ᠪᠣᠯᠤᠨ ᠬᠤᠪᠢ ᠬᠥᠮᠦᠨ ᠢ ᠨᠡᠶᠢᠲᠡᠯᠡᠨ ᠰᠠᠶᠢᠰᠢᠶᠠᠨ᠎ᠠ᠃    ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠢ ᠤᠷᠢᠵᠤ ᠴᠢᠬᠤᠯᠠ ᠶᠡᠭᠡ ᠵᠦᠢᠯᠡᠰ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢᠨ ᠪᠦᠬᠦ ᠶᠠᠪᠤᠴᠠ ᠳᠤ ᠬᠢᠨᠠᠯᠲᠠ ᠲᠠᠯᠪᠢᠭᠤᠯᠪᠠ᠃ ᠠᠵᠢᠯ ᠥᠯᠥ ᠬᠢᠬᠦ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠠᠴᠠ ᠪᠣᠯᠵᠣ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠤᠳᠠᠭᠠᠰᠢᠷᠠᠭᠤᠯᠤᠨ ᠴᠠᠭ ᠠᠴᠠ ᠬᠡᠲᠦᠷᠡᠭᠦᠯᠦᠨ  ᠭᠦᠢᠴᠡᠳᠭᠡᠭᠰᠡᠨ ᠥᠬᠡᠶ  ᠨᠢᠭᠡᠴᠢ ᠪᠠ ᠬᠤᠪᠢ ᠬᠥᠮᠦᠨ ᠳᠤ ᠨᠡᠪᠲᠡᠷᠡᠭᠦᠯᠦᠨ ᠰᠢᠭᠦᠮᠵᠢᠯᠡᠬᠦ᠂ ᠪᠣᠯᠵᠣᠨ ᠶᠠᠷᠢᠯᠴᠠᠵᠤ ᠬᠠᠷᠢᠭᠤᠴᠠᠯᠭ᠎ᠠ ᠬᠡᠯᠡᠯᠴᠡᠬᠦ ᠵᠡᠷᠭᠡ  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠠᠪᠤᠨ᠎ᠠ᠃    ᠡᠯ᠎ᠡ ᠬᠤᠰᠢᠭᠤ ᠰᠢᠶᠠᠨ ᠬᠤᠲᠠ ᠨᠤᠭᠤᠳ ᠥᠪᠡᠷ ᠲᠡᠭᠡᠨ ᠳᠣᠭᠢᠷᠠᠭᠤᠯᠤᠭᠰᠠᠨ ᠲᠣᠰ ᠱᠠᠲᠤᠨ ᠤ ᠴᠢᠬᠤᠯᠠ ᠶᠡᠭᠡ ᠲᠥᠷᠥᠯ ᠵᠦᠢᠯ ᠳᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠵᠡᠷᠭᠡ ᠳᠤᠨᠢ ᠶᠠᠪᠤᠭᠳᠠᠭᠤᠯᠤᠨ᠎ᠠ᠃ᠳᠠᠭᠠᠯᠳᠤᠭᠤᠯᠤᠯ 1    ᠬᠢᠩᠭᠠᠨ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠠᠬᠢᠭᠤᠯᠬᠤ ᠤᠳᠤᠷᠢᠳᠬᠤ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠰᠦᠬᠡ   ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠵᠢᠶᠠᠩ ᠲᠢᠶᠠᠨ ᠬᠤ᠋  ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ    ᠴᠢᠦᠶ ᠵᠧᠨ ᠨᠢᠶᠠᠨ   ᠠᠶᠢᠮᠠᠭ ᠤᠨ ᠳᠡᠳ᠋  ᠳᠠᠷᠤᠭ᠎ᠠ    ᠯᠢᠦ ᠮᠢᠨ   ᠠᠶᠢᠮᠠᠭ ᠤᠨ ᠳᠡᠳ᠋  ᠳᠠᠷᠤᠭ᠎ᠠ    ᠯᠢᠶᠠᠩ ᠶᠠᠨ ᠵᠢᠶᠦ᠋ᠨ   ᠠᠶᠢᠮᠠᠭ ᠤᠨ ᠳᠡᠳ᠋  ᠳᠠᠷᠤᠭ᠎ᠠ    ᠪᠦᠷᠢᠯᠳᠦᠬᠦᠨ᠄ ᠸᠠᠩ ᠴᠦᠨ ᠶᠢᠤ   ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠠᠷᠤᠭ᠎ᠠ    ᠰᠦᠨ ᠪᠠᠶ ᠴᠤᠸᠠᠨ   ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ    ᠬᠥ᠋ ᠯᠢ ᠮᠢᠨ   ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ    ᠸᠧᠶ ᠳ᠋ᠡ ᠶᠦᠩ  ᠠᠶᠢᠮᠠᠭ ᠤᠨ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ᠂ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ    ᠵᠢᠶ ᠬᠤᠩ ᠮᠧᠶ   ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ    ᠯᠢ ᠰᠢᠤᠸᠠᠢ ᠳ᠋ᠦᠩ   ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ    ᠸᠠᠩ ᠹᠦ᠋ ᠱᠦᠨ   ᠠᠶᠢᠮᠠᠭ ᠤᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ    ᠪᠠᠶ ᠴᠠᠩ ᠹᠧᠩ   ᠠᠶᠢᠮᠠᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ    ᠭᠦᠸᠧ ᠯᠢᠩ ᠶᠦᠨ  ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ    ᠯᠢ ᠵᠧᠨ ᠯᠢᠨ  ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ    ᠳ᠋ᠦᠩ ᠸᠧᠨ ᠴᠢᠩ   ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠠᠷᠤᠭ᠎ᠠ    ᠭᠧᠩ ᠲᠢᠶᠠᠨ ᠯᠢᠶᠠᠩ  ᠠᠶᠢᠮᠠᠭ ᠤᠨ ᠣᠶ ᠰᠢᠭᠤᠶ  ᠨᠤᠳᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ    ᠯᠢᠦ ᠵᠢᠶᠠᠨ ᠰᠢᠩ   ᠠᠶᠢᠮᠠᠭ ᠤᠨ ᠠᠷᠠᠳ ᠤᠨ ᠠᠭᠠᠷ ᠰᠡᠷᠭᠡᠶᠢᠯᠡᠯᠲᠡ ᠶᠢᠨ ᠠᠯᠪᠠᠨ ᠬᠡᠷ ᠤᠨ ᠡᠷᠬᠢᠯᠡᠭᠴᠢ    ᠶᠠᠩ ᠷᠠᠨ ᠯᠦᠩ  ᠠᠶᠢᠮᠠᠭ ᠤᠨ ᠭᠠᠵᠠᠷ ᠬᠥᠳᠡᠯᠦᠯᠲᠡ ᠶᠢᠨ ᠲᠣᠪᠴᠢᠶᠠᠨ ᠤ ᠳᠠᠷᠤᠭ᠎ᠠ    ᠵᠠᠩ ᠫᠢᠩ ᠠᠨ  ᠠᠶᠢᠮᠠᠭ ᠤᠨ ᠴᠠᠭ ᠠᠭᠤᠷ ᠤᠨ ᠲᠣᠪᠴᠢᠶᠠᠨ ᠤ ᠳᠠᠷᠤᠭ᠎ᠠ    ᠰᠢᠤᠢ ᠸᠧᠶ ᠴᠢ  ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ    ᠶᠢᠨ ᠭᠤᠸᠠᠩ ᠲᠢᠶᠠᠨ  ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ    ᠯᠢᠦ ᠢᠦᠢ  ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ    ᠸᠠᠩ ᠰᠢᠶᠤᠤ ᠬᠤᠸᠠᠨ  ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ    ᠴᠢ ᠯᠢᠨ  ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ    ᠸᠠᠩ ᠯᠢ ᠳ᠋ᠦᠩ  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤᠨ ᠳᠠᠷᠤᠭ᠎ᠠ    ᠸᠠᠩ ᠶᠦᠩ ᠵᠢᠶᠠ  ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ    ᠸᠠᠩ ᠬᠠᠶ ᠶᠢᠩ  ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ    ᠵᠢᠶ ᠴᠢᠩ ᠯᠦ  ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ  ᠦᠢᠯᠡᠰ ᠤᠨ ᠲᠥᠪ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ    ᠭᠤᠤ ᠲᠢᠶᠠᠨ ᠢᠦᠶ  ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ    ᠣᠨᠴᠠ ᠤᠷᠢᠭᠰᠠᠨ ᠨᠢ᠄ ᠪᠠᠶ ᠵᠢᠶᠧ  ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠠᠶᠢᠮᠠᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ    ᠰᠥᠩ ᠬᠤᠩ ᠰᠢᠨ  ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ         ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤ ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ 〔 2022 〕 66 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾ ᠢ ᠠᠶᠢᠮᠠᠭ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                                                2022 ᠣᠨ ᠤ 12 ᠰᠠᠷ᠎ᠠ ᠶᠢᠨ 30                                  ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶               ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠠᠶᠢᠲᠤᠷ ᠬᠢᠬᠦ ᠲᠤᠬᠠᠶ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ﹀ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ  ︾ ᠶᠣᠰᠣᠭᠠᠷ  ︵ᠥᠪᠥᠷ ᠵᠠᠰᠠᠭ ᠠᠯᠪᠠᠨ ᠲᠠᠷᠬᠠᠭᠠᠭᠰᠠᠨ 〔 2018 〕 65 ᠳ᠋ᠤᠭᠠᠷ ᠲᠣᠭᠠᠲᠤ  ︶᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ  ︾  ︵ᠥᠪᠥᠷ ᠵᠠᠰᠠᠭ ᠠᠯᠪᠠᠨ ᠲᠠᠷᠬᠠᠭᠠᠭᠰᠠᠨ 〔 2019 〕 38 ᠳ᠋ᠤᠭᠠᠷ ᠲᠣᠭᠠᠲᠤ  ︶ ᠵᠢᠴᠢ  ︽ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ  ︿ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠲᠤᠬᠠᠶ  ᠬᠡᠷᠡᠭᠵᠢᠭᠦᠯᠬᠦ ᠰᠠᠨᠠᠯ  ︾  ︵ᠰᠢᠩ ᠵᠠᠬᠢᠷᠭ᠎ᠠ ᠠᠯᠪᠠᠨ ᠲᠠᠷᠬᠠᠭᠠᠭᠰᠠᠨ 〔 2019 〕 12 ᠳ᠋ᠤᠭᠠᠷ ᠲᠣᠭᠠᠲᠤ  ︶ ᠤᠨ ᠱᠠᠭᠠᠷᠳᠠᠯᠭ᠎ᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃        ᠨᠢᠭᠡ᠂ ᠶᠡᠷᠦᠩᠬᠡᠶ ᠱᠠᠭᠠᠷᠳᠠᠯᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠬᠠᠷᠢᠶ᠎ᠠ ᠣᠷᠣᠨ ᠢᠶᠠᠷ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠵᠠᠷᠴᠢᠮ ᠢ ᠪᠠᠷᠢᠮᠲᠠᠯᠠᠵᠤ᠂ ᠪᠦᠬᠦ ᠠᠶᠢᠮᠠᠭ ᠤᠨ ᠪᠤᠶ ᠪᠦᠬᠦᠢ ᠬᠤᠰᠢᠭᠤ ᠰᠢᠶᠠᠨ ᠬᠤᠲᠠ ᠳᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ᠂ ᠪᠠᠶᠢᠭᠤᠯᠤᠯᠳᠤ ᠭᠠᠴᠠᠭ᠎ᠠ ᠲᠣᠰᠬᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠦᠢᠯᠡᠴᠢᠯᠡᠬᠦ ᠪᠠᠶᠢᠯᠳᠤᠬᠤ ᠪᠣᠳᠣᠯᠭ᠎ᠠ ᠳᠠᠬᠢ ᠲᠤᠯᠭᠠᠭᠤᠷᠢᠯᠠᠬᠤ  ᠦᠢᠯᠡᠳᠦᠯ ᠢ  ᠭᠦᠢᠴᠡᠳ ᠪᠠᠳᠠᠷᠠᠭᠤᠯᠬᠤ ᠳᠤ ᠪᠠᠶᠢᠭᠤᠯᠤᠯ ᠲᠣᠭᠲᠠᠴᠠ ᠶᠢᠨ ᠬᠦᠴᠦᠲᠡᠶ ᠪᠠᠲᠤᠯᠠᠭ᠎ᠠ ᠬᠠᠩᠭᠠᠨ᠎ᠠ᠃    ᠬᠤᠶᠠᠷ᠂ ᠠᠵᠢᠯ ᠤᠨ ᠬᠠᠷᠠᠯᠲᠠ    ᠬᠠᠷᠢᠭᠤᠴᠠᠯᠭ᠎ᠠ ᠨᠢ ᠲᠣᠳᠣᠷᠬᠠᠶ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠴᠢᠩᠭ᠎ᠠ᠂ ᠬᠠᠮᠠᠭᠠᠯᠠᠯᠲᠠ ᠨᠢ ᠬᠦᠴᠦᠲᠡᠶ ᠵᠠᠮ  ᠤᠨ ᠳᠠᠷᠤᠭ᠎ᠠ ᠶᠢᠨ ᠳᠦᠷᠢᠮᠲᠦ ᠵᠣᠬᠢᠶᠠᠨ ᠪᠠᠶᠢᠭᠤᠯᠤᠯᠲᠠ ᠶᠢᠨ  ᠰᠢᠰᠲ᠋ᠧᠮᠵᠢ ᠬᠢᠭᠡᠳ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾  ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾  ᠤ ᠪᠥᠳᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠲᠠᠷᠢᠶᠠᠯᠠᠬᠤ ᠮᠠᠯᠵᠢᠬᠤ ᠣᠷᠣᠨ ‍ᠤ‌ᠵᠠᠰᠠᠮᠠᠯ ᠵᠠᠮ  ᠤᠨ ᠬᠡᠪᠴᠢᠶᠡᠨ ‍ᠤ‌ᠣᠷᠴᠢᠨ ᠲᠣᠭᠤᠷᠢᠨ  ᠢ ᠶᠡᠬᠡᠪᠡᠷ ᠴᠡᠭᠴᠡᠯᠡᠨ ᠵᠠᠰᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠵᠠᠮ ᠤᠨ ᠲᠣᠤᠷ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠦᠨ᠂ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠬᠠᠮᠢᠶᠠᠷᠴᠤ ᠲᠡᠵᠢᠭᠡᠬᠦ ᠵᠠᠷᠤᠳᠠᠯ ᠤᠨ ᠪᠠᠲᠤᠯᠠᠭ᠎ᠠ ᠶᠢ ᠪᠣᠳᠠᠲᠠᠶᠢᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠳᠠᠭᠠᠤ ᠶᠢᠨ ︽ᠪᠤᠵᠠᠷ᠂ ᠡᠷᠦᠶ ᠬᠤᠷᠤᠶ ᠥᠬᠡᠶ᠂ ᠪᠠᠷᠤᠭᠲᠠᠶ︾ ᠦᠵᠡᠭᠳᠡᠯ ᠢ ᠦᠨᠳᠦᠰᠦᠨ ᠳᠡᠭᠡᠨ ᠠᠷᠢᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠰᠠᠭᠠᠳ ᠥᠬᠡᠶ ᠪᠥᠭᠡᠳ ᠲᠠᠭᠠᠯᠠᠮᠵᠢᠲᠠᠶ︾ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃    ᠭᠤᠷᠪᠠ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ    ︵ᠨᠢᠭᠡ︶ ᠵᠣᠬᠢᠶᠠᠨ ᠪᠠᠶᠢᠭᠤᠯᠤᠯᠲᠠ ᠶᠢᠨ ᠬᠡᠯᠪᠡᠷᠢ    1. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠤᠨ ᠥᠷᠨᠢᠯᠲᠡ ᠶᠢ ᠦᠨᠡᠨᠬᠦ ᠠᠬᠢᠭᠤᠯᠬᠤ ᠶᠢᠨ ᠲᠥᠯᠥᠭᠡ᠂ ᠠᠶᠢᠮᠠᠭ ᠤᠨ ᠵᠠᠬᠢᠷᠭ᠎ᠠ ᠳᠤ ᠠᠶᠢᠮᠠᠭ ᠤᠨ ᠵᠠᠬᠢᠷᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠠᠶᠢᠮᠠᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠣᠶᠣᠯ ᠵᠤᠭᠠᠴᠠᠯ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠳᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠭᠰᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠪᠠᠶᠢᠷᠢᠯᠠᠭᠤᠯᠤᠨ᠎ᠠ᠃      2. ︽ᠰᠢᠶᠠᠨ ᠤ ᠵᠠᠮ ᠢ ᠰᠢᠶᠠᠨ ᠠᠴᠠ ᠬᠠᠮᠢᠶᠠᠷᠴᠤ᠂ ᠬᠥᠳᠡᠭᠡ ᠲᠣᠰᠬᠤᠨ ᠤ ᠵᠠᠮ ᠢ ᠬᠥᠳᠡᠭᠡ ᠲᠣᠰᠬᠤᠨ ᠠᠴᠠ ᠬᠠᠮᠢᠶᠠᠷᠬᠤ︾ ᠵᠠᠷᠴᠢᠮ ᠤᠨ ᠶᠣᠰᠣᠭᠠᠷ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠳᠠᠷᠤᠭ᠎ᠠ᠂ ᠬᠤᠰᠢᠭᠤ ᠰᠢᠶᠠᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠶᠠᠨ ᠤ ᠱᠠᠲᠤᠨ ᠤ ᠵᠠᠮ ᠤᠨ ᠳᠠᠷᠤᠭ᠎ᠠ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠶᠠᠩ ᠤᠨ ᠱᠠᠲᠤᠨ ᠤ ᠵᠠᠮ ᠤᠨ ᠳᠠᠷᠤᠭ᠎ᠠ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠤᠤᠯ ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠣᠰᠬᠤᠨ ᠤ ᠱᠠᠲᠤᠨ ᠤ ᠵᠠᠮ ᠤᠨ ᠳᠠᠷᠤᠭ᠎ᠠ ᠪᠣᠯᠤᠨ᠎ᠠ᠂ ᠡᠯ᠎ᠡ ᠭᠠᠵᠠᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠵᠠᠮ ᠤᠨ ᠳᠠᠷᠤᠭ᠎ᠠ ᠶᠢᠨ ᠲᠦᠷᠢᠮ ᠢ ᠠᠶᠢᠯ ᠲᠣᠰᠬᠤᠨ ᠳᠤ ᠬᠦᠷᠲᠡᠯ᠎ᠡ ᠤᠷᠲᠤᠳᠬᠠᠵᠤ ᠪᠣᠯᠤᠨ᠎ᠠ᠃     3. ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠶᠡᠷᠦᠩᠬᠡᠶ ᠵᠠᠮ ᠤᠨ ᠳᠠᠷᠤᠭ᠎ᠠ ᠶᠢᠨ ᠠᠯᠪᠠᠨ ᠭᠡᠷ ᠪᠠᠶᠢᠭᠤᠯᠵᠤ᠂ ᠬᠤᠰᠢᠭᠤ ᠰᠢᠶᠠᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠷᠢᠯᠠᠭᠤᠯᠵᠤ᠂ ᠡᠷᠬᠢᠯᠡᠭᠴᠢ ᠶᠢᠨ ᠲᠤᠰᠢᠶᠠᠯ ᠢ ᠬᠤᠰᠢᠭᠤ ᠰᠢᠶᠠᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠡᠭᠦᠷᠭᠡᠯᠡᠵᠦ᠂ ᠪᠦᠷᠢᠯᠳᠦᠬᠦᠨ ᠨᠢᠭᠡᠴᠢ ᠳᠤ ᠭᠤᠤᠯᠳᠠᠭᠤ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠣᠶᠣᠯ ᠵᠤᠭᠠᠴᠠᠯ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠳᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠠᠭᠲᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠰᠤᠮᠤ ᠰᠢᠶᠠᠩ ᠪᠠᠯᠭᠠᠰᠤ ᠶᠢᠨ ᠵᠠᠮ ᠤᠨ ᠳᠠᠷᠤᠭ᠎ᠠ ᠶᠢᠨ ᠠᠯᠪᠠᠨ ᠬᠡᠷ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠬᠤᠰᠢᠭᠤ ᠰᠢᠶᠠᠨ ᠬᠤᠲᠠ ᠶᠢᠨ ᠶᠡᠷᠦᠩᠬᠡᠶ ᠵᠠᠮ ᠤᠨ ᠳᠠᠷᠤᠭ᠎ᠠ ᠶᠢᠨ ᠠᠯᠪᠠᠨ ᠬᠡᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠᠷ ᠯᠠᠪᠯᠠᠯᠲᠠ ᠪᠣᠯᠭᠠᠵᠤ᠂ ᠪᠣᠳᠠᠲᠠᠶ ᠪᠠᠶᠢᠭᠤᠯᠤᠮᠵᠢ ᠶᠢ ᠵᠢᠭᠠᠨ ᠲᠣᠭᠲᠠᠭᠠᠵᠤ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠰᠤᠮᠤ ᠰᠢᠶᠠᠩ ᠪᠠᠯᠭᠠᠰᠤ ᠶᠢᠨ ᠵᠠᠰᠠᠮᠠᠯ ᠵᠠᠮ ᠤᠨ ᠬᠠᠮᠢᠶᠠᠷᠴᠤ ᠲᠡᠵᠢᠭᠡᠬᠦ ᠪᠠᠶᠢᠭᠤᠯᠤᠮᠵᠢ ᠯᠤᠭ᠎ᠠ ᠵᠠᠬᠢᠷᠭ᠎ᠠ ᠨᠡᠶᠢᠯᠡᠭᠦᠯᠦᠨ ᠠᠵᠢᠯᠯᠠᠵᠤ ᠪᠣᠯᠤᠨ᠎ᠠ᠃     ︵ᠬᠤᠶᠠᠷ︶ ᠠᠵᠢᠯ  ᠤᠨ ᠡᠭᠦᠷᠭᠡ ᠬᠠᠷᠢᠭᠤᠴᠠᠯᠭ᠎ᠠ     1. ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ᠄ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠨᠢᠭᠡᠳᠦᠯᠲᠡᠶ ᠲᠥᠯᠥᠪᠯᠡᠨ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠂ ︽ᠵᠠᠮ ᠤᠨ ᠳᠠᠷᠤᠭ᠎ᠠ ᠶᠢᠨ ᠲᠦᠷᠢᠮ︾ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠪᠠᠷ ᠵᠣᠬᠢᠴᠠᠭᠤᠯᠤᠨ  ᠰᠢᠢᠳᠪᠦᠷᠢᠯᠡᠵᠦ᠂ ᠬᠤᠯᠪᠣᠭᠳᠠᠯ ᠪᠥᠬᠦᠶ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠂ ᠳᠡᠭᠡᠳᠦ ᠱᠠᠲᠤᠨ ᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠰᠢᠭᠤ ᠰᠢᠶᠠᠨ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠲᠦᠷᠢᠮ︾ ᠢ ᠬᠡᠷᠡᠭᠵᠢᠭᠦᠯᠬᠦ ᠳᠤ ᠬᠢᠨᠠᠯᠲᠠ ᠲᠠᠯᠪᠢᠨ ᠵᠢᠯᠣᠭᠤᠳᠴᠤ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃             2. ᠵᠠᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ᠄ ᠬᠤᠰᠢᠭᠤ ᠰᠢᠶᠠᠨ ᠬᠤᠲᠠ ᠶᠢᠨ ᠶᠡᠷᠦᠩᠬᠡᠶ ᠵᠠᠮ ᠤᠨ ᠳᠠᠷᠤᠭ᠎ᠠ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠶᠢᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠮ ᠤᠨ ᠣᠷᠴᠢᠨ ᠲᠣᠭᠤᠷᠢᠨ ᠢ ᠨᠣᠭᠤᠭᠠᠷᠠᠭᠤᠯᠤᠨ ᠭᠤᠶᠤᠵᠢᠭᠤᠯᠬᠤ᠂ ᠵᠠᠮ ᠤᠨ ᠭᠠᠷᠤᠯᠲᠠ ᠵᠠᠮ ᠤᠨ ᠡᠷᠬᠡ ᠶᠢ ᠬᠠᠮᠠᠭᠠᠯᠠᠬᠤ ᠪᠠ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠬᠤ ᠶᠢ ᠬᠠᠷᠢᠭᠤᠴᠠᠵᠤ᠂ ᠬᠠᠮᠢᠶᠠᠷᠴᠤ ᠬᠠᠮᠠᠭᠠᠯᠠᠬᠤ ᠠᠵᠢᠯ ᠤᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠶᠡᠷᠦᠩᠬᠡᠶ ᠵᠠᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠵᠦ᠂ ᠴᠢᠬᠤᠯᠠ ᠠᠵᠢᠯ ᠢ ᠰᠢᠮᠳᠠᠭᠤᠯᠤᠨ ᠠᠬᠢᠭᠤᠯᠵᠤ᠂ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠂ ᠳᠣᠤᠷᠠᠳᠤ ᠱᠠᠲᠤᠨ ᠤ ᠵᠠᠮ ᠤᠨ ᠳᠠᠷᠤᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ  ᠭᠦᠢᠴᠡᠳᠭᠡᠬᠦ ᠶᠢ ᠰᠢᠮᠳᠠᠭᠤᠯᠤᠨ᠎ᠠ᠃ ᠶᠡᠷᠦᠩᠬᠡᠶ ᠵᠠᠮ ᠤᠨ ᠳᠠᠷᠤᠭ᠎ᠠ ᠶᠢᠨ ᠲᠤᠰᠢᠶᠠᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃    3. ᠵᠠᠮ ᠤᠨ ᠳᠠᠷᠤᠭ᠎ᠠ ᠶᠢᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ᠄ ᠵᠠᠮ ᠤᠨ ᠳᠠᠷᠤᠭ᠎ᠠ ᠶᠢ ᠬᠠᠪᠰᠤᠷᠤᠨ ᠡᠳᠦᠷ ᠲᠤᠲᠤᠮ ᠤᠨ ᠬᠡᠷᠡᠭ ᠶᠠᠪᠤᠳᠠᠯ ᠢ  ᠰᠢᠢᠳᠪᠦᠷᠢᠯᠡᠬᠦ ᠶᠢ ᠬᠠᠷᠢᠭᠤᠴᠠᠵᠤ᠂ ᠵᠠᠮ ᠤᠨ ᠳᠠᠷᠤᠭ᠎ᠠ ᠶᠢᠨ ᠲᠦᠷᠢᠮ ᠤᠨ ᠡᠯ᠎ᠡ  ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ︔ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠵᠢᠴᠢ ᠵᠠᠮ ᠳᠠᠭᠠᠤ ᠶᠢᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠵᠢᠴᠢ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠤᠨ ᠬᠠᠮᠲᠤᠷᠠᠭᠰᠠᠨ ᠬᠤᠷᠠᠯ ᠬᠤᠷᠠᠯᠳᠤᠭᠤᠯᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠠᠵᠢᠯ ᠢ ᠰᠤᠳᠤᠯᠤᠨ ᠠᠬᠢᠭᠤᠯᠵᠤ᠂ ᠶᠡᠷᠦᠩᠬᠡᠶ ᠵᠠᠮ ᠤᠨ ᠳᠠᠷᠤᠭ᠎ᠠ᠂ ᠵᠠᠮ ᠤᠨ ᠳᠠᠷᠤᠭ᠎ᠠ ᠶᠢᠨ ᠬᠠᠮᠲᠤᠷᠠᠭᠰᠠᠨ ᠬᠤᠷᠠᠯ ᠠᠴᠠ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠨ᠎ᠠ︔ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠥᠷᠨᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠵᠠᠮ᠂ ᠰᠢᠶᠠᠩ ᠤᠨ ᠵᠠᠮ ᠪᠠ ᠲᠣᠰᠬᠤᠨ ᠤ ᠵᠠᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠰᠠᠮᠠᠯ ᠵᠠᠮ ᠤᠨ ᠵᠠᠮ ᠤᠨ ᠭᠠᠷᠤᠯᠲᠠ ᠵᠠᠮ ᠤᠨ ᠡᠷᠬᠡ ᠶᠢ ᠬᠠᠮᠠᠭᠠᠯᠠᠬᠤ ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠢ ᠰᠠᠶᠢᠲᠤᠷ ᠬᠢᠨ᠎ᠠ︔ ᠵᠠᠮ ᠤᠨ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠲᠦᠷᠢᠮ ᠪᠠ ᠰᠢᠯᠭᠠᠨ ᠬᠢᠨᠠᠬᠤ ᠠᠷᠭ᠎ᠠ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠪᠥᠲᠥᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠡᠵᠡᠩᠨᠡᠬᠦ︾ ᠪᠠᠯᠠ ᠮᠥᠩᠭᠦ ᠴᠤᠭᠯᠠᠭᠤᠯᠬᠤ ᠶᠢ ᠨᠠᠶᠢᠳᠠᠪᠤᠷᠢᠵᠢᠭᠤᠯᠤᠨ᠎ᠠ᠃ ᠵᠠᠮ ᠤᠨ ᠳᠠᠷᠤᠭ᠎ᠠ ᠶᠢᠨ ᠲᠤᠰᠢᠶᠠᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃    ᠳᠥᠷᠪᠡ᠂ ᠭᠤᠤᠯ ᠡᠭᠦᠷᠭᠡ    ︵ᠨᠢᠭᠡ︶ ᠬᠥᠳᠡᠭᠡ ᠲᠣᠰᠬᠤᠨ ᠤ ᠵᠠᠮ ᠤᠨ ᠲᠤᠰᠬᠠᠶ ︵ᠬᠠᠪᠰᠤᠷᠭᠠᠭᠰᠠᠨ︶ ᠬᠠᠮᠢᠶᠠᠷᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠬᠤᠰᠢᠭᠤ ᠰᠢᠶᠠᠨ ᠬᠤᠲᠠ ᠶᠢᠨ ᠶᠡᠷᠦᠩᠬᠡᠶ ᠵᠠᠮ ᠤᠨ ᠳᠠᠷᠤᠭ᠎ᠠ ᠶᠢᠨ ᠠᠯᠪᠠᠨ ᠬᠡᠷ ᠨᠢ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠰᠤᠮᠤ ᠰᠢᠶᠠᠩ ᠪᠠᠯᠭᠠᠰᠤ ᠪᠠ ᠪᠠᠶᠢᠭᠤᠯᠤᠯᠳᠤ ᠲᠣᠰᠬᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠲᠠᠰ᠂ ᠲᠤᠭ᠎ᠠ ᠬᠡᠮᠵᠢᠶ᠎ᠡ᠂ ᠵᠠᠮ ᠤᠨ ᠣᠷᠳᠣ ᠪᠠ ᠡᠭᠦᠷᠭᠡ ᠶᠢᠨ ᠬᠦᠨᠳᠦ ᠬᠥᠩᠭᠡᠨ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠡᠯ᠎ᠡ ᠰᠤᠮᠤ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠵᠤ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠰᠬᠠᠶ ︵ᠬᠠᠪᠰᠤᠷᠭᠠᠭᠰᠠᠨ︶ ᠬᠠᠮᠢᠶᠠᠷᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠡᠯ᠎ᠡ ᠬᠥᠳᠡᠭᠡ ᠲᠣᠰᠬᠤᠨ ᠤ ᠵᠠᠮ ᠤᠨ ᠲᠤᠰᠬᠠᠶ ︵ᠬᠠᠪᠰᠤᠷᠭᠠᠭᠰᠠᠨ︶ ᠬᠠᠮᠢᠶᠠᠷᠤᠭᠴᠢ ᠡᠯ᠎ᠡ ᠱᠠᠲᠤᠨ ᠤ ᠵᠠᠮ ᠤᠨ ᠳᠠᠷᠤᠭ᠎ᠠ ᠪᠠ ᠵᠠᠮ ᠤᠨ ᠳᠠᠷᠤᠭ᠎ᠠ ᠶᠢᠨ ᠠᠯᠪᠠᠨ ᠬᠡᠷ ᠤᠨ ᠵᠢᠯᠣᠭᠤᠳᠣᠯᠭ᠎ᠠ ᠳᠣᠤᠷ᠎ᠠ᠂ ᠰᠢᠶᠠᠩ᠂ ᠲᠣᠰᠬᠤᠨ ᠤ ᠵᠠᠰᠠᠮᠠᠯ ᠵᠠᠮ ᠤᠨ ᠡᠳᠦᠷ ᠲᠤᠲᠤᠮ ᠤᠨ ᠵᠠᠮ ᠤᠨ ᠪᠠᠶᠢᠳᠠᠯ ᠢ ᠲᠣᠭᠤᠷᠢᠨ ᠪᠠᠶᠢᠴᠠᠭᠠᠬᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠢᠴᠢ ᠭᠠᠮᠰᠢᠭ ᠲᠤ ᠰᠦᠢᠳᠴᠤ ᠲᠠᠰᠤᠷᠠᠭᠰᠠᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠶᠢ ᠪᠣᠳᠠᠲᠠᠶ ᠬᠠᠷᠢᠭᠤᠴᠠᠵᠤ᠂ ᠵᠠᠮ ᠤᠨ ᠭᠠᠷᠤᠯᠲᠠ ᠵᠠᠮ ᠤᠨ ᠡᠷᠬᠡ ᠳᠤ ᠬᠠᠯᠳᠠᠭᠰᠠᠨ  ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠬᠤ ᠶᠢᠨ ᠬᠠᠮᠲᠤ ᠮᠡᠳᠡᠭᠦᠯᠬᠦ ᠬᠡᠷᠡᠭᠲᠡᠶ    ︵ᠬᠤᠶᠠᠷ︶ ᠫᠠᠶᠢᠰᠠ ᠪᠤᠰᠬᠠᠨ ᠢᠯᠡ ᠨᠡᠶᠢᠲᠡᠯᠡᠵᠦ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠤᠤᠯ ᠪᠣᠯᠬᠤ ᠵᠠᠰᠠᠮᠠᠯ ᠵᠠᠮ ᠤᠨ ᠵᠠᠩᠭᠢᠯᠠᠭ᠎ᠠ ᠶᠢᠨ ᠴᠡᠭ ᠤᠨ ᠪᠠᠶᠢᠷᠢᠨ ᠳᠤ ᠵᠠᠮ ᠤᠨ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠭᠠᠷᠭᠠᠵᠤ᠂ ᠵᠠᠮ ᠤᠨ ᠨᠡᠷᠡᠶᠢᠳᠦᠯ᠂ ᠵᠠᠮ ᠤᠨ ᠬᠡᠪᠴᠢᠶ᠎ᠡ ᠪᠠᠷᠢᠮᠵᠢᠶ᠎ᠠ᠂ ᠵᠠᠮ ᠤᠨ ᠳᠠᠷᠤᠭ᠎ᠠ ᠶᠢᠨ ᠣᠪᠣᠭ ᠨᠡᠷ᠎ᠡ᠂ ᠵᠠᠰᠠᠮᠠᠯ ᠵᠠᠮ ᠤᠨ ᠲᠦᠢᠮᠣ ᠪᠠᠶᠢᠳᠠᠯ᠂ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠷᠠᠯᠲᠠ᠂ ᠵᠠᠮ ᠤᠨ ᠪᠠᠶᠢᠳᠠᠯ ᠤᠨ ᠠᠰᠠᠭᠤᠳᠠᠯ ᠢ ᠬᠠᠷᠢᠭᠤ ᠲᠤᠰᠬᠠᠬᠤ ᠬᠠᠯᠠᠮᠰᠢᠯ ᠤᠲᠠᠰᠤ ᠵᠢᠴᠢ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠠᠭᠤᠯᠭ᠎ᠠ ᠶᠢ ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠥᠷᠭᠡᠨ ᠢᠶᠠᠷ ᠬᠦᠯᠢᠶᠡᠬᠦ ᠬᠡᠷᠡᠭᠲᠡᠶ᠃ ᠡᠭᠦᠨ ᠤ ᠬᠠᠮᠲᠤ᠂ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ᠂ ᠠᠰᠠᠭᠤᠳᠠᠯ ᠢ  ᠰᠢᠢᠳᠪᠦᠷᠢᠯᠡᠬᠦ ᠲᠣᠭᠲᠠᠴᠠ ᠪᠠ ᠬᠠᠷᠢᠭᠤ ᠲᠤᠰᠬᠠᠬᠤ ᠲᠣᠭᠲᠠᠴᠠ ᠵᠢᠴᠢ  ᠰᠢᠢᠳᠪᠦᠷᠢᠯᠡᠬᠦ ᠬᠠᠷᠢᠭᠤᠴᠠᠯᠭ᠎ᠠ ᠶᠢᠨ ᠭᠤᠤᠯ ᠴᠣᠭᠴᠠ ᠪᠠ ᠲᠥᠰᠦᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠱᠠᠲᠤᠨ ᠤ ᠵᠠᠮ ᠤᠨ ᠳᠠᠷᠤᠭ᠎ᠠ ᠨᠠᠷ ᠭᠤᠤᠯᠳᠠᠯᠭ᠎ᠠ ᠲᠠᠢ ᠴᠡᠭᠴᠡᠯᠡᠨ ᠵᠠᠰᠠᠬᠤ ᠲᠥᠷᠥᠯ ᠵᠦᠢᠯ ᠢ ᠮᠥᠷᠳᠡᠨ ᠨᠠᠶᠢᠳᠠᠪᠤᠷᠢᠵᠢᠭᠤᠯᠵᠤ ᠰᠢᠮᠳᠠᠭᠤᠯᠤᠨ  ᠭᠦᠢᠴᠡᠳᠭᠡᠨ᠎ᠡ᠃    ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭ᠎ᠠ᠂ ᠠᠬᠢᠴᠠ᠂ ᠪᠠᠯᠠ ᠮᠥᠩᠭᠦ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠳᠤ ᠭᠠᠵᠠᠷ ᠬᠡᠷᠡᠭᠯᠡᠬᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠ ᠣᠶ ᠰᠢᠭᠤᠶ  ᠨᠤᠳᠤᠭ ᠪᠡᠯᠴᠢᠭᠡᠷ᠂ ᠠᠮᠢ ᠠᠬᠤᠶ  ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠠᠷᠳᠠᠮ ᠢ  ᠭᠦᠢᠴᠡᠳᠭᠡᠬᠦ ᠳᠡᠭᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ  ᠭᠦᠢᠴᠡᠳ ᠬᠡᠷᠡᠭᠯᠡᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ︽ᠭᠤᠷᠪᠠ ᠶᠢ ᠵᠡᠷᠭᠡᠪᠡᠷ ᠬᠢᠬᠦ︾᠂ ︽ᠳᠣᠯᠤᠭ᠎ᠠ ᠶᠢ ᠢᠯᠡ ᠪᠣᠯᠭᠠᠬᠤ︾ ᠲᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃    ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠵᠥᠪᠯᠡᠯ ᠪᠣᠯᠤᠨ ᠮᠠᠯᠴᠢᠨ ᠲᠠᠷᠢᠶᠠᠴᠢᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠡᠯ᠎ᠡ ᠱᠠᠲᠤᠨ ᠤ ᠠᠷᠠᠴᠢᠯᠠᠨ ᠬᠠᠮᠠᠭᠠᠯᠠᠬᠤ ᠪᠠᠶᠢᠭᠤᠯᠤᠮᠵᠢ᠂ ᠠᠵᠢᠯᠲᠠᠨ ᠪᠣᠯᠤᠨ ᠵᠠᠷᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠴᠢᠯᠠᠨ ᠬᠠᠮᠠᠭᠠᠯᠠᠬᠤ ᠠᠵᠢᠯ ᠤᠨ ᠭᠤᠤᠯ ᠰᠢᠯᠭᠠᠨ ᠬᠢᠨᠠᠬᠤ  ᠭᠦᠢᠴᠡᠳᠭᠡᠯ ᠲᠤᠭ᠎ᠠ ᠪᠣᠯᠭᠠᠵᠤ᠂ ︽ᠵᠠᠮ ᠪᠠᠶᠢᠪᠠᠯ ᠵᠠᠪᠠᠯ ᠲᠡᠵᠢᠭᠡᠵᠦ᠂ ᠠᠷᠠᠴᠢᠯᠠᠪᠠᠯ ᠵᠠᠪᠠᠯ ᠪᠣᠳᠠᠲᠠᠶᠢᠵᠢᠭᠤᠯᠬᠤ︾ ᠶᠢ ᠪᠡᠶᠡᠯᠡᠭᠦᠯᠬᠦ ᠬᠡᠷᠡᠭᠲᠡᠶ᠃ ᠵᠠᠰᠠᠮᠠᠯ ᠵᠠᠮ  ᠤᠨ ᠮᠡᠷᠭᠡᠵᠢᠯ  ᠤᠨ ᠪᠠᠶᠢᠳᠠᠯ ᠢ ᠦᠨᠡᠯᠡᠨ ᠲᠣᠭᠲᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠬᠠᠮᠠᠭᠠᠯᠠᠬᠤ ᠳᠤ  ᠰᠢᠢᠳᠪᠦᠷᠢᠳᠦ ᠪᠤᠳᠤᠯᠭ᠎ᠠ ᠲᠣᠭᠲᠠᠭᠠᠬᠤ ᠦᠨᠳᠦᠰᠦᠯᠡᠯ ᠬᠠᠩᠭᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠨᠴᠠᠯᠢᠭ ᠲᠤ ᠨᠡᠶᠢᠴᠡᠭᠰᠡᠨ ᠠᠷᠠᠴᠢᠯᠠᠨ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠠᠯᠪᠠ ᠬᠠᠭᠠᠭᠰᠠᠨ ᠣᠨ ᠵᠢᠯ ᠨᠢ ᠨᠡᠯᠢᠶᠡᠳ ᠣᠷᠳᠣ᠂ ᠵᠠᠮ ᠤᠨ ᠪᠠᠶᠢᠳᠠᠯ ᠨᠢ ᠨᠡᠯᠢᠶᠡᠳ ᠠᠨᠠᠶ᠂ ᠵᠠᠮ ᠤᠨ ᠨᠢᠭᠤᠷ ᠤᠨ ᠶᠠᠰᠤ ᠴᠢᠨᠠᠷ ᠢ ᠦᠨᠡᠯᠡᠨ ᠲᠣᠭᠲᠠᠭᠠᠭᠰᠠᠨ ᠵᠢᠭᠠᠯᠲᠠ ᠲᠤᠭ᠎ᠠ ᠪᠠᠷ ᠨᠡᠯᠢᠶᠡᠳ ᠳᠣᠤᠷ᠎ᠠ ᠬᠥᠳᠡᠭᠡ ᠲᠣᠰᠬᠤᠨ ᠤ ᠵᠠᠰᠠᠮᠠᠯ ᠵᠠᠮ ᠳᠤ ᠰᠡᠯᠪᠢᠨ ᠵᠠᠰᠠᠬᠤ ᠴᠢᠨᠠᠷᠲᠠᠶ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠥᠷᠨᠢᠭᠦᠯᠬᠦ ᠶᠢ ᠴᠢᠩᠭᠠᠳᠬᠠᠵᠤ᠂ ᠵᠢᠯ ᠳᠤᠮᠳᠠᠴᠢ ᠶᠢᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ 5% ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ ᠠᠰᠢᠭᠯᠠᠯᠲᠠ ᠳᠤ ᠪᠠᠶᠢᠭ᠎ᠠ ᠬᠥᠭᠦᠷᠭᠡ ᠶᠢ ᠮᠥᠷᠳᠡᠵᠦ ᠬᠢᠨᠠᠨ ᠬᠡᠮᠵᠢᠬᠦ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠤᠷᠠᠬᠤ ᠠᠶᠤᠯᠲᠠᠶ ᠬᠥᠭᠦᠷᠭᠡ ᠶᠢ ᠴᠠᠭ ᠲᠤᠬᠠᠶ ᠳᠤᠨᠢ ᠥᠭᠡᠷᠡᠴᠢᠯᠡᠬᠦ ᠬᠡᠷᠡᠭᠲᠡᠶ᠃    ︵ᠲᠠᠪᠤ︶ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠬᠦ ᠣᠷᠣᠨ ᠤ ᠬᠡᠪᠴᠢᠶ᠎ᠡ ᠶᠢ ᠬᠠᠤᠯᠢ ᠶᠣᠰᠣᠭᠠᠷ ᠴᠢᠩᠭ᠎ᠠ ᠬᠤᠪᠢᠶᠠᠷᠢᠯᠠᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠳᠬᠠᠨ᠂ ᠬᠤᠰᠢᠭᠤ ᠰᠢᠶᠠᠨ ᠬᠤᠲᠠ ᠶᠢᠨ ᠨᠢᠭᠡᠳᠦᠯᠲᠡᠶ ᠬᠠᠤᠯᠢ ᠬᠡᠷᠡᠭᠵᠢᠭᠦᠯᠬᠦ᠂ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠤ ᠬᠠᠮᠵᠢᠯᠴᠠᠨ ᠬᠠᠤᠯᠢ ᠬᠡᠷᠡᠭᠵᠢᠭᠦᠯᠬᠦ ᠠᠵᠢᠯ ᠤᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠤᠨ ᠭᠠᠷᠤᠯᠲᠠ ᠵᠠᠮ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠨ᠎ᠠ᠃ ᠵᠠᠮ ᠤᠨ ᠴᠠᠭᠳᠠᠭ᠎ᠠ ᠶᠢᠨ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠭᠠᠳ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠶᠢ ᠠᠬᠢᠭᠤᠯᠵᠤ᠂ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠵᠢᠴᠢ ᠪᠤᠰᠤᠳ ᠡᠯ᠎ᠡ ᠲᠥᠷᠥᠯ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠡᠯᠡᠳᠬᠡᠮᠵᠢ ᠶᠢ ᠡᠪᠳᠡᠭᠰᠡᠨ᠂ ᠡᠪᠳᠡᠭᠰᠡᠨ  ᠦᠢᠯᠡ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃    ︵ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠎ᠠ᠃  ︽ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠲᠠ ᠬᠥᠳᠡᠭᠡ ᠶᠢ ᠨᠢᠭᠡ ᠴᠣᠠᠠᠴᠠᠵᠢᠭᠤᠯᠬᠤ᠂ ᠠᠶᠠᠨᠴᠢᠳ ᠪᠠ ᠪᠠᠷᠠᠭ᠎ᠠ ᠶᠢ ᠵᠡᠷᠭᠡᠪᠡᠷ ᠬᠥᠭᠵᠢᠭᠦᠯᠬᠦ ᠂ ᠲᠡᠭᠡᠭᠡᠪᠦᠷᠢ ᠪᠠ ᠰᠢᠤᠳᠠᠨ ᠢ ᠤᠶᠠᠯᠳᠤᠭᠤᠯᠬᠤ  ︾ ᠵᠠᠷᠴᠢᠮ ᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠶᠢᠨ  ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠨᠢᠭᠡ ᠴᠣᠠᠠᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠪᠲᠡᠷᠡᠬᠦ ᠥᠷᠭᠡᠴᠡ ᠪᠠ ᠭᠦᠨᠴᠡ ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠶᠢᠲᠡ ᠶᠢᠨ ᠵᠠᠮ ᠬᠠᠷᠢᠯᠴᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ᠂ ᠪᠠᠷᠠᠭᠠᠨ ᠤ ᠭᠦᠢᠯᠭᠡᠭᠡᠨ  ᠤ ᠲᠣᠤᠷ ᠠᠶᠠᠨᠴᠢᠨ ᠪᠠ ᠪᠠᠷᠠᠭ᠎ᠠ ᠰᠢᠦᠳᠠᠨ ᠤ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠠᠶᠠᠨᠴᠢᠨ ᠪᠠ ᠪᠠᠷᠠᠭ᠎ᠠ ᠰᠢᠦᠳᠠᠨ ᠤ ᠬᠠᠮᠲᠤᠷᠠᠯᠴᠠᠭᠠᠨ ᠤ ᠱᠤᠭᠤᠮ ᠢ ᠨᠡᠪᠲᠡᠷᠡᠭᠦᠯᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃    ︵ᠳᠣᠯᠤᠭ᠎ᠠ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ᠂ ᠨᠣᠭᠤᠭᠠᠷᠠᠭᠤᠯᠵᠤ ᠭᠤᠶᠤᠵᠢᠭᠤᠯᠬᠤ ᠶᠢ ᠴᠢᠩᠭᠠᠳᠬᠠᠨ᠂ ᠵᠠᠮ ᠤᠨ ᠬᠡᠪᠴᠢᠶᠡᠨ ᠳᠠᠬᠢ ᠡᠪᠡᠰᠦᠨ ᠣᠪᠣᠭ᠎ᠠ᠂ ᠪᠠᠭᠠᠰᠤᠨ ᠣᠪᠣᠭ᠎ᠠ᠂ ᠬᠤᠭ ᠨᠣᠪᠰᠢ ᠶᠢᠨ ᠣᠪᠣᠭ᠎ᠠ ᠵᠡᠷᠭᠡ ᠡᠯᠳᠡᠪ ᠪᠣᠳᠠᠰ ᠢ ᠪᠥᠬᠦ ᠲᠠᠯ᠎ᠠ ᠪᠠᠷ ᠴᠡᠪᠡᠷᠯᠡᠵᠦ᠂ ᠵᠠᠮ ᠤᠨ ᠨᠢᠭᠤᠷ ᠢ ᠵᠢᠯ ᠲᠤᠷᠰᠢ ᠴᠡᠪᠡᠷ ᠲᠡᠭᠰᠢ ᠪᠠᠶᠢᠯᠭᠠᠵᠤ᠂ ᠬᠠᠵᠠᠭᠤ ᠶᠢᠨ ᠭᠤᠤ ᠶᠢᠨ ᠤᠰᠤ ᠵᠠᠯᠠᠬᠤ ᠶᠢ ᠰᠠᠭᠠᠳ ᠥᠬᠡᠶ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠶ᠃ ᠵᠠᠮ ᠳᠠᠭᠠᠤ ᠶᠢᠨ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶ᠎ᠡ ᠵᠢᠴᠢ ᠪᠠᠷᠢᠯᠭ᠎ᠠ ᠶᠢᠨ ᠡᠵᠡᠮᠳᠡᠯ ᠤᠨ ᠣᠷᠣᠨ ᠤ ᠳᠣᠲᠣᠷᠠᠬᠢ ᠡᠯ᠎ᠡ ᠲᠥᠷᠥᠯ ᠤᠨ ᠪᠠᠷᠢᠯᠭ᠎ᠠ ᠶᠢᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠵᠤ ᠂ ᠵᠠᠰᠠᠮᠠᠯ ᠵᠠᠮ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠠᠵᠢᠯ ᠤᠨ ᠵᠢᠯᠣᠭᠤᠳᠣᠯᠭ᠎ᠠ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠪᠠᠨ ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠵᠠᠮ ᠤᠨ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ ᠨᠢ ᠠᠳᠠᠯᠢ ᠪᠤᠰᠤ ᠴᠠᠭ ᠦᠶ᠎ᠡ ᠶᠢᠨ ᠬᠥᠭᠵᠢᠯᠲᠡ ᠶᠢᠨ ᠬᠠᠷᠠᠯᠲᠠ ᠶᠢ ᠦᠨᠳᠦᠰᠦᠯᠡᠨ ᠵᠣᠬᠢᠬᠤ ᠬᠡᠮᠵᠢᠶᠡᠨ ᠤ ᠪᠠᠯᠠ ᠮᠥᠩᠭᠦ ᠶᠢᠨ ᠳᠡᠮᠵᠢᠯᠭᠡ ᠦᠵᠡᠭᠦᠯᠵᠦ ᠪᠣᠯᠤᠨ᠎ᠠ᠃    ︵ᠬᠤᠶᠠᠷ︶ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠷᠭᠡᠵᠢᠯ ᠤᠨ  ᠦᠢᠯᠡᠴᠢᠯᠡᠭᠡᠨ ᠤ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠵᠦ᠂ ᠠᠵᠢᠯ ᠡᠷᠭᠢᠯᠡᠭᠰᠡᠳ ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠵᠠᠰᠠᠮᠠᠯ ᠵᠠᠮ᠂ ᠵᠠᠰᠠᠮᠠᠯ ᠵᠠᠮ ᠤᠨ ᠬᠡᠷᠡᠭᠯᠡᠬᠦ ᠭᠠᠵᠠᠷ᠂ ᠵᠠᠰᠠᠮᠠᠯ ᠵᠠᠮ ᠤᠨ ᠳᠠᠭᠠᠯᠲᠠ ᠪᠡᠯᠡᠳᠬᠡᠮᠵᠢ ᠵᠡᠷᠭᠡ ᠶᠢ ᠴᠢᠩᠭ᠎ᠠ ᠬᠢᠨᠠᠨ ᠬᠠᠷᠭᠤᠭᠤᠯᠵᠤ᠂ ᠬᠠᠷᠢᠭᠤᠴᠠᠯᠭ᠎ᠠ ᠶᠢᠨ ᠲᠠᠩᠰᠠ ᠡᠪᠬᠡᠮᠡᠯ ᠵᠣᠬᠢᠶᠠᠬᠤ ᠶᠢᠨ ᠬᠠᠮᠲᠤ ᠳᠡᠩᠰᠡᠯᠡᠨ ᠲᠡᠮᠳᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠲᠠᠰᠤᠷᠠᠯᠲᠠ ᠥᠬᠡᠶ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠪᠦᠲᠦᠮᠵᠢᠲᠡᠶ ᠠᠵᠢᠯᠯᠠᠭᠠᠨ ᠢ ᠠᠬᠢᠭᠤᠯᠤᠨ᠎ᠠ᠃    ︵ᠭᠤᠷᠪᠠ︶ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠵᠠᠮ ᠤᠨ ᠳᠠᠷᠤᠭ᠎ᠠ ᠶᠢᠨ ᠲᠦᠷᠢᠮ ᠤᠨ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠭᠦᠨ ᠵᠤᠵᠠᠭᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠠᠭᠠᠤ ᠶᠢᠨ ᠣᠯᠠᠨ ᠲᠦᠮᠡᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠬᠠᠮᠠᠭᠠᠯᠠᠬᠤ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠳᠤ ᠢᠳᠡᠪᠬᠢᠲᠡᠶ ᠣᠷᠣᠯᠴᠠᠭᠤᠯᠵᠤ᠂ ᠪᠥᠬᠦ ᠨᠡᠶᠢᠭᠡᠮ ᠢᠶᠠᠷ ᠢᠶᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠣᠷᠣᠯᠴᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃              ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ  ᠲᠠᠳᠠᠵᠦ  ᠤᠷᠤᠭᠤᠯᠬᠤ ᠲᠤᠰᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠪᠠ ᠨᠡᠭᠦᠳᠡᠯ ᠠᠷᠠᠳ ᠢ ᠲᠤᠪᠬᠢᠨᠡᠭᠦᠯᠬᠦ   2023 ᠣᠨ ᠤ ᠠᠵᠢᠯ ᠤᠨ ᠲᠥᠯᠥᠪᠯᠡᠭᠡ ︵ᠬᠢᠩᠭᠠᠨ ᠠᠶᠢᠮᠠᠭ ᠤᠨ ᠬᠡᠰᠡᠭ  ︶︾ ᠶᠢᠨ ᠲᠤᠬᠠᠶ ᠮᠡᠳᠡᠭᠳᠡᠯᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ︹ 2022 ︺ 67 ᠳ᠋ᠤᠭᠠᠷ ᠲᠣᠭᠠᠲᠤᠤᠯᠠᠭᠠᠨᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ᠄    ᠡᠳᠦᠭᠡ ︽ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠥᠭᠬᠦ  ᠪᠠ ᠨᠡᠭᠦᠳᠡᠯ ᠠᠷᠠᠳ ᠢ ᠲᠥᠪᠬᠢᠨᠡᠭᠦᠯᠬᠦ ︵ᠬᠢᠩᠭᠠᠨ ᠠᠶᠢᠮᠠᠭ ᠤᠨ ᠬᠡᠰᠡᠭ︶ ᠶᠢᠨ 2023 ᠣᠨ ᠤ ᠠᠵᠢᠯ ᠤᠨ ᠲᠥᠯᠥᠪᠯᠡᠭᠡ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                                                             2022 ᠣᠨ ᠤ 12 ᠰᠠᠷ᠎ᠠ ᠶᠢᠨ 15                                                                     ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶          ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ  ᠤᠷᠤᠭᠤᠯᠬᠤ  ᠲᠤᠰᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ︵ᠬᠢᠩᠭᠠᠨ ᠠᠶᠢᠮᠠᠭ ᠤᠨ ᠬᠡᠰᠡᠭ︶ ᠶᠢᠨ 2023 ᠣᠨ ᠤ ᠠᠵᠢᠯ ᠤᠨ ᠲᠥᠯᠥᠪᠯᠡᠭᠡ      ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠭᠰᠠᠨ ᠲᠥᠯᠥᠪᠦᠷᠢ ᠪᠠ ᠨᠡᠭᠦᠳᠡᠯ ᠠᠷᠠᠳ ᠢ ᠲᠥᠪᠬᠢᠨᠡᠭᠦᠯᠬᠦ ᠲᠦᠷᠢᠮ ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 679  ᠳ᠋ᠤᠭᠡᠷ ᠲᠣᠭᠠᠲᠤ ᠵᠠᠷᠯᠢᠭ︶᠂ ︽ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢᠨ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠤᠨ ᠪᠢᠴᠢᠭ︾ ︵ᠤᠰᠤᠨ ᠤ ᠵᠥᠪᠰᠢᠶᠡᠷᠡᠯ ᠤᠨ  ᠰᠢᠢᠳᠪᠦᠷᠢ ︹ 2017 ︺ 38 ᠳ᠋ᠤᠭᠠᠷ ᠲᠣᠭᠠᠲᠤ︶ ᠢ ᠦᠨᠳᠦᠰᠦᠯᠡᠪᠡᠯ᠂ ︽ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠦᠭᠬᠦ ᠬᠢᠭᠡᠳ ᠨᠡᠭᠦᠳᠡᠯ ᠠᠷᠠᠳ ᠢ ᠲᠥᠪᠬᠢᠨᠡᠭᠦᠯᠬᠦ 2023 ᠣᠨ ᠤ ᠠᠵᠢᠯ ᠤᠨ ᠲᠥᠯᠥᠪᠯᠡᠭᠡ ᠶᠢᠨ ᠰᠠᠨᠠᠭᠤᠯᠭ᠎ᠠ ᠶᠢᠨ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠥᠪᠥᠷ ᠮᠣᠩᠭᠤᠯ ᠴᠤᠤᠯ ᠥᠰᠥᠭ ︹ 2022 ︺ 107 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ  ᠦᠭᠬᠦ ᠬᠢᠭᠡᠳ ᠨᠡᠭᠦᠳᠡᠯ ᠠᠷᠠᠳ ᠢ ᠲᠥᠪᠬᠢᠨᠡᠭᠦᠯᠬᠦ ᠬᠢᠩᠭᠠᠨ ᠠᠶᠢᠮᠠᠭ ᠤᠨ ᠬᠡᠰᠡᠭ ᠤᠨ 2023 ᠣᠨ ᠤ ᠠᠵᠢᠯ ᠤᠨ ᠲᠥᠯᠥᠪᠯᠡᠭᠡ ᠶᠢ ᠳᠣᠤᠷᠠᠬᠢ ᠮᠡᠲᠦ ᠳᠣᠭᠢᠷᠠᠭᠤᠯᠪᠠ᠄    ᠨᠢᠭᠡ᠂  ᠭᠦᠢᠰᠦ ᠣᠷᠣᠨ ᠵᠢᠴᠢ ᠤᠰᠤᠨ ᠳᠤ ᠵᠢᠪᠦᠭᠰᠡᠨ ᠣᠷᠣᠨ ︵ᠵᠠᠯᠠᠶᠢᠳ ᠬᠤᠰᠢᠭᠤᠨ ᠳᠤ ᠬᠤᠯᠪᠣᠭᠳᠠᠨ᠎ᠠ    ︵ᠨᠢᠭᠡ︶ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠠᠵᠢᠯ    1. 2023 ᠣᠨ ᠤ 5 ᠰᠠᠷ᠎ᠠ ᠶᠢᠨ 30 ᠤ ᠡᠳᠦᠷ ᠠᠴᠠ ᠡᠮᠦᠨ᠎ᠡ ᠵᠠᠩᠭᠢᠯᠠᠭ᠎ᠠ ᠶᠢᠨ ᠣᠷᠣᠨ ᠪᠠ ᠴᠥᠭᠦᠷᠥᠮ ᠤᠨ ᠤᠰᠤᠨ ᠳᠤ ᠠᠪᠲᠠᠭᠳᠠᠭᠰᠠᠨ ᠣᠷᠣᠨ ᠤ ᠭᠠᠵᠠᠷ ᠰᠢᠷᠣᠶ ᠶᠢ ᠲᠠᠲᠠᠪᠤᠷᠢᠯᠠᠭᠰᠠᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ ᠢ ᠳᠠᠭᠤᠰᠬᠠᠨ᠎ᠠ᠃      2. 2023 ᠣᠨ ᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠯᠠ ᠮᠥᠩᠭᠦ᠂ ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠤᠭᠯᠠᠭᠤᠯᠤᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠳᠠᠭᠤᠰᠬᠠᠵᠤ᠂ ᠪᠠᠯᠠ ᠮᠥᠩᠭᠦ ᠶᠢᠨ ᠲᠥᠰᠦᠪ ᠤᠨ  ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃    ︵ᠬᠤᠶᠠᠷ︶ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ     1. ᠲᠠᠷᠢᠶᠠᠯᠠᠬᠤ ᠮᠠᠯᠵᠢᠬᠤ ᠣᠷᠣᠨ  ᠤ ᠠᠷᠠᠳ  ᠢ ᠨᠡᠭᠦᠯᠭᠡᠬᠦ ᠦᠢᠯᠡᠳᠪᠦᠷᠢᠯᠡᠯ  ᠤᠨ ᠮᠡᠷᠭᠡᠵᠢᠯ  ᠤᠨ ᠴᠢᠳᠠᠪᠤᠷᠢ᠂ ᠰᠣᠶᠣᠯ  ᠤᠨ ᠬᠢᠷᠢ ᠬᠡᠮᠵᠢᠶ᠎ᠡ ᠵᠡᠷᠭᠡ ᠲᠠᠯ᠎ᠠ ᠪᠠᠷ ᠪᠣᠯᠪᠠᠰᠤᠷᠠᠭᠤᠯᠤᠯ ᠬᠢᠬᠦ ᠬᠡᠷᠡᠭᠲᠡᠶ᠃    2. 2023 ᠣᠨ ᠤ 9 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠰᠢᠨ᠎ᠡ ᠪᠠᠷ ᠪᠠᠶᠢᠭᠤᠯᠤᠭᠰᠠᠨ ᠴᠤᠭᠯᠠᠭ᠎ᠠ ᠪᠠᠯᠭᠠᠰᠤ᠂ ᠰᠠᠭᠤᠭᠠᠯᠢ ᠠᠷᠠᠳ ᠢ ᠲᠥᠪᠬᠢᠨᠡᠭᠦᠯᠬᠦ  ᠴᠡᠭ ᠵᠢᠴᠢ  ᠦᠢᠯᠡᠳᠪᠦᠷᠢᠯᠡᠵᠦ ᠲᠡᠵᠢᠭᠡᠨ ᠦᠷᠡᠵᠢᠭᠦᠯᠬᠦ ᠲᠣᠭᠤᠷᠢᠭ ᠤᠨ ᠰᠡᠭᠦᠯ ᠬᠤᠷᠢᠶᠠᠬᠤ ᠠᠵᠢᠯ ᠢ ᠳᠠᠭᠤᠰᠬᠠᠬᠤ ᠶᠢᠨ ᠬᠠᠮᠲᠤ ᠬᠠᠮᠢᠶ᠎ᠠ ᠪᠥᠬᠦᠶ ᠲᠤᠰᠬᠠᠶ ᠲᠥᠷᠥᠯ ᠤᠨ ᠢᠨᠵᠧᠨᠧᠷᠢᠩ ᠢ ᠰᠢᠯᠭᠠᠨ ᠠᠪᠬᠤ ᠠᠵᠢᠯ ᠢ ᠳᠠᠭᠤᠰᠬᠠᠨ᠎ᠠ᠃    3. 2023 ᠣᠨ ᠤ 11 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠯᠠ ᠮᠥᠩᠭᠦ᠂ ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠤᠭᠯᠠᠭᠤᠯᠤᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠳᠠᠭᠤᠰᠬᠠᠵᠤ᠂ ᠪᠠᠯᠠ ᠮᠥᠩᠭᠦ ᠶᠢᠨ ᠲᠥᠰᠦᠪ ᠤᠨ  ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃    ᠬᠤᠶᠠᠷ᠂ ᠤᠰᠤ ᠳᠠᠮᠵᠢᠭᠤᠯᠬᠤ ᠨᠦᠬᠡᠨ ᠵᠠᠮ ᠤᠨ ᠣᠷᠣᠨ ︵ᠵᠠᠯᠠᠶᠢᠳ ᠬᠤᠰᠢᠭᠤ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ ᠳᠤ ᠬᠤᠯᠪᠣᠭᠳᠠᠨ᠎ᠠ︶    ︵ᠨᠢᠭᠡ︶ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠬᠡᠰᠡᠭ ᠤᠨ ᠬᠡᠰᠡᠭ ᠲᠦᠷ ᠬᠡᠷᠡᠭᠯᠡᠬᠦ ᠭᠠᠵᠠᠷ ᠤᠨ ᠬᠡᠷᠡᠭᠯᠡᠬᠦ ᠬᠤᠭᠤᠴᠠᠭ᠎ᠠ ᠨᠢ ᠬᠤᠭᠤᠴᠠᠭ᠎ᠠ ᠲᠤᠯᠪᠠ᠃ ᠪᠠᠷᠢᠯᠭ᠎ᠠ ᠶᠢᠨ ᠠᠵᠢᠯ ᠤᠨ ᠬᠤᠭᠤᠴᠠᠭᠠᠨ ᠤ ᠱᠠᠭᠠᠷᠳᠠᠯᠭ᠎ᠠ ᠶᠢ ᠦᠨᠳᠦᠰᠦᠯᠡᠨ᠂ ᠦᠷᠭᠦᠯᠵᠢᠯᠡᠨ ᠲᠠᠲᠠᠪᠤᠷᠢᠯᠠᠬᠤ ᠴᠢᠬᠤᠯᠠᠲᠠᠶ᠃ ᠦᠷᠭᠦᠯᠵᠢᠯᠡᠨ ᠲᠠᠲᠠᠪᠤᠷᠢᠯᠠᠬᠤ ᠲᠠᠯᠠᠪᠠᠶ ᠨᠢ 1411 ᠮᠥ ᠪᠠᠶᠢᠵᠤ᠂ ᠦᠷᠭᠦᠯᠵᠢᠯᠡᠨ ᠲᠠᠲᠠᠪᠤᠷᠢᠯᠠᠬᠤ ᠵᠢᠯ ᠬᠤᠭᠤᠴᠠᠭ᠎ᠠ ᠨᠢ 1 — 3 ᠵᠢᠯ ᠠᠳᠠᠯᠢ ᠪᠤᠰᠤ ᠪᠠᠶᠢᠳᠠᠭ᠃ ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄   1. ᠲᠦᠴᠢᠦᠸᠠᠨ ᠰᠢᠶᠠᠨ᠃ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠲᠣᠭᠤᠷᠢᠭ ᠤᠨ ᠲᠦᠷ ᠬᠡᠷᠡᠭᠯᠡᠬᠦ ᠭᠠᠵᠠᠷ ᠨᠢ ᠲᠦᠴᠢᠦᠸᠠᠨ ᠰᠢᠶᠠᠨ ᠤ ᠬᠢᠵᠠᠭᠠᠷ ᠲᠠᠬᠢ ᠶᠦᠩ ᠠᠨ ᠪᠠᠯᠭᠠᠰᠤ᠂ ᠵᠡᠭᠦᠨ  ᠲᠦᠷᠦᠯᠵᠢ ᠪᠠᠯᠭᠠᠰᠤ᠂ ᠲᠦᠴᠢᠦᠸᠠᠨ ᠪᠠᠯᠭᠠᠰᠤ᠂ ᠱᠦᠢ ᠴᠢᠤᠸᠠᠨ ᠪᠠᠯᠭᠠᠰᠤ᠂ ᠲᠠᠢ ᠫᠢᠩ ᠰᠢᠶᠠᠩ ᠳᠤ ᠬᠤᠯᠪᠣᠭᠳᠠᠨ᠎ᠠ᠂ ᠲᠡᠭᠦᠨ ᠤ ᠴᠢᠳᠠᠮᠵᠢ ᠨᠢ ᠪᠠᠷᠢᠯᠭ᠎ᠠ ᠶᠢᠨ ᠲᠦᠷ ᠪᠠᠶᠢᠭᠤᠯᠬᠤ ᠲᠣᠭᠤᠷᠢᠭ᠂ ᠰᠢᠭᠠᠷᠤ ᠬᠠᠶᠠᠬᠤ ᠲᠠᠯᠠᠪᠤᠷ᠂ ᠭᠤᠤᠷᠰᠤᠨ ᠰᠣᠷᠣᠭᠤᠯ᠂ ᠲᠦᠷ ᠴᠠᠭ ᠤᠨ ᠵᠠᠮ ᠵᠡᠷᠭᠡ ᠳᠤ ᠬᠤᠯᠪᠣᠭᠳᠠᠨ᠎ᠠ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠨᠥᠬᠦᠪᠥᠷᠢ ᠥᠭᠬᠦ ᠬᠡᠯᠡᠯᠴᠡᠭᠡᠷ ᠤᠨ ᠬᠤᠭᠤᠴᠠᠭ᠎ᠠ ᠨᠢ 2022 ᠣᠨ ᠤ 12 ᠰᠠᠷ᠎ᠠ ᠶᠢᠨ 31 ᠤ ᠡᠳᠦᠷ ᠪᠣᠯᠤᠨ᠎ᠠ᠃ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠶᠢ ᠦᠨᠳᠦᠰᠦᠯᠡᠨ᠂ ᠬᠡᠰᠡᠭ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠴᠢᠬᠤᠯᠠᠲᠠᠶ᠂ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠯᠪᠣᠭᠳᠠᠭᠰᠠᠨ 469 ᠮᠥ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠠᠵᠢᠯ ᠢ ᠳᠠᠭᠤᠰᠬᠠᠬᠤ ᠬᠡᠷᠡᠭᠲᠡᠶ᠂ ᠦᠷᠭᠦᠯᠵᠢᠯᠡᠨ ᠲᠠᠲᠠᠪᠤᠷᠢᠯᠠᠬᠤ ᠵᠢᠯ ᠬᠤᠭᠤᠴᠠᠭ᠎ᠠ ᠶᠢ 1 — 3 ᠵᠢᠯ ᠠᠳᠠᠯᠢ ᠪᠤᠰᠤ ᠪᠠᠶᠢᠯᠭᠠᠨ᠎ᠠ᠂ ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠶ᠃    2. ᠵᠠᠯᠠᠶᠢᠳ ᠬᠤᠰᠢᠭᠤ᠃ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠲᠣᠭᠤᠷᠢᠭ ᠲᠤ ᠲᠦᠷ ᠬᠡᠷᠡᠭᠯᠡᠬᠦ ᠭᠠᠵᠠᠷ ᠨᠢ ᠵᠠᠯᠠᠶᠢᠳ ᠬᠤᠰᠢᠭᠤᠨ ᠤ ᠬᠢᠵᠠᠭᠠᠷ ᠲᠠᠬᠢ  ᠠᠯᠳᠠᠷ ᠰᠤᠮᠤ᠂ ᠬᠦᠷᠡᠯ ᠪᠠᠯᠭᠠᠰᠤ ᠪᠣᠯᠤᠨ  ᠪᠤᠯᠠᠭᠠᠨᠬᠤᠸᠠ ᠰᠤᠮᠤ ᠳᠤ ᠬᠤᠯᠪᠣᠭᠳᠠᠨ᠎ᠠ᠂ ᠲᠡᠭᠦᠨ ᠤ ᠴᠢᠳᠠᠮᠵᠢ ᠨᠢ ᠪᠠᠷᠢᠯᠭ᠎ᠠ ᠶᠢᠨ ᠲᠦᠷ ᠴᠠᠭ ᠤᠨ ᠲᠣᠭᠤᠷᠢᠭ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠰᠢᠰᠲ᠋ᠧᠮ᠂ ᠶᠠᠰᠤᠨ ᠮᠠᠲ᠋ᠧᠷᠢᠶᠠᠯ ᠡᠳ᠋ᠰᠢᠭᠦᠯᠬᠦ ᠰᠢᠰᠲ᠋ᠧᠮ᠂ ᠲᠦᠷ ᠴᠠᠭ ᠤᠨ ᠵᠠᠮ ᠵᠡᠷᠭᠡ ᠪᠣᠯᠤᠨ᠎ᠠ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠨᠥᠬᠦᠪᠥᠷᠢ ᠥᠭᠬᠦ ᠬᠡᠯᠡᠯᠴᠡᠭᠡᠷ ᠤᠨ ᠬᠤᠭᠤᠴᠠᠭ᠎ᠠ ᠨᠢ 2023 ᠣᠨ ᠤ 6 ᠰᠠᠷ᠎ᠠ ᠪᠣᠯᠤᠨ᠎ᠠ᠃ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠶᠢ ᠦᠨᠳᠦᠰᠦᠯᠡᠨ ᠂ ᠬᠡᠰᠡᠭ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠴᠢᠬᠤᠯᠠᠲᠠᠶ᠂ 2023 ᠣᠨ ᠤ 5 ᠰᠠᠷ᠎ᠠ ᠠᠴᠠ ᠡᠮᠦᠨ᠎ᠡ ᠬᠤᠯᠪᠣᠭᠳᠠᠭᠰᠠᠨ ᠪᠠᠷᠤᠭ 311 ᠮᠥ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠠᠵᠢᠯ ᠢ ᠳᠠᠭᠤᠰᠬᠠᠬᠤ ᠬᠡᠷᠡᠭᠲᠡᠶ᠂ ᠦᠷᠭᠦᠯᠵᠢᠯᠡᠨ ᠲᠠᠲᠠᠪᠤᠷᠢᠯᠠᠬᠤ ᠵᠢᠯ ᠬᠤᠭᠤᠴᠠᠭ᠎ᠠ ᠨᠢ 1 — 3 ᠵᠢᠯ ᠠᠳᠠᠯᠢ ᠥᠬᠡᠶ᠂ ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠶ᠃    3 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠃ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠲᠣᠭᠤᠷᠢᠭ ᠤᠨ ᠲᠦᠷ ᠬᠡᠷᠡᠭᠯᠡᠬᠦ ᠭᠠᠵᠠᠷ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠳᠣᠲᠣᠷᠠᠬᠢ  ᠴᠠᠷᠠᠰᠤᠨ ᠪᠠᠯᠭᠠᠰᠤ᠂ ᠬᠤᠷᠴᠢᠨ ᠪᠠᠯᠭᠠᠰᠤ᠂  ᠨᠡᠳᠦᠭᠡᠷ ᠪᠠᠯᠭᠠᠰᠤ ᠲᠠᠢ ᠬᠤᠯᠪᠣᠭᠳᠠᠵᠤ᠂ ᠲᠡᠭᠦᠨ ᠤ ᠴᠢᠳᠠᠮᠵᠢ ᠨᠢ ᠪᠠᠷᠢᠯᠭ᠎ᠠ ᠶᠢᠨ ᠲᠦᠷ ᠴᠠᠭ ᠤᠨ ᠲᠣᠭᠤᠷᠢᠭ᠂ ᠰᠢᠭᠠᠷᠤ ᠬᠠᠶᠠᠬᠤ ᠲᠠᠯᠠᠪᠤᠷ᠂ ᠭᠤᠤᠷᠰᠤᠨ ᠰᠣᠷᠣᠭᠤᠯ᠂ ᠲᠦᠷ ᠴᠠᠭ ᠤᠨ ᠵᠠᠮ ᠵᠡᠷᠭᠡ ᠪᠣᠯᠤᠨ᠎ᠠ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠨᠥᠬᠦᠪᠥᠷᠢ ᠥᠭᠬᠦ ᠬᠡᠯᠡᠯᠴᠡᠭᠡᠷ ᠤᠨ ᠬᠤᠭᠤᠴᠠᠭ᠎ᠠ ᠨᠢ 2023 ᠣᠨ ᠤ 8 ᠰᠠᠷ᠎ᠠ ᠠᠴᠠ 10 ᠰᠠᠷ᠎ᠠ ᠪᠣᠯᠤᠨ᠎ᠠ᠃ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠶᠢ ᠦᠨᠳᠦᠰᠦᠯᠡᠨ᠂ ᠬᠡᠰᠡᠭ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠴᠢᠬᠤᠯᠠᠲᠠᠶ᠂ 2023 ᠣᠨ ᠤ 8 ᠰᠠᠷ᠎ᠠ ᠠᠴᠠ ᠡᠮᠦᠨ᠎ᠡ 633 ᠮᠥ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠠᠵᠢᠯ ᠢ ᠪᠡᠶᠡᠯᠡᠭᠦᠯᠬᠦ ᠬᠡᠷᠡᠭᠲᠡᠶ᠂ ᠡᠭᠦᠨ ᠳᠤ᠄  ᠴᠠᠷᠠᠰᠤᠨ ᠪᠠᠯᠭᠠᠰᠤᠨ ᠳᠤ ᠬᠤᠯᠪᠣᠭᠳᠠᠬᠤ ᠲᠦᠷ ᠬᠡᠷᠡᠭᠯᠡᠬᠦ ᠭᠠᠵᠠᠷ ᠰᠢᠷᠣᠶ ᠶᠢ 1 ᠵᠢᠯ ᠦᠷᠭᠦᠯᠵᠢᠯᠡᠨ ᠲᠠᠲᠠᠪᠤᠷᠢᠯᠠᠬᠤ ᠪᠠᠷ ᠲᠦᠷ ᠲᠣᠭᠲᠠᠭᠠᠵᠤ᠂ ᠬᠤᠷᠴᠢᠨ ᠪᠠᠯᠭᠠᠰᠤᠨ ᠤ ᠦᠷᠭᠦᠯᠵᠢᠯᠡᠨ ᠲᠠᠲᠠᠪᠤᠷᠢᠯᠠᠬᠤ ᠵᠢᠯ ᠬᠤᠭᠤᠴᠠᠭ᠎ᠠ ᠶᠢ 1 — 2 ᠵᠢᠯ ᠠᠳᠠᠯᠢ ᠪᠤᠰᠤ ᠪᠠᠶᠢᠯᠭᠠᠨ᠎ᠠ᠂ ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠶ᠃    ︵ᠬᠤᠶᠠᠷ︶ 2023 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠯᠠ ᠮᠥᠩᠭᠦ᠂ ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ ᠠᠵᠢᠯ ᠢ ᠳᠠᠭᠤᠰᠬᠠᠵᠤ᠂ ᠪᠠᠯᠠ ᠮᠥᠩᠭᠦᠨ ᠤ ᠲᠥᠰᠦᠪ ᠤᠨ  ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃    ᠭᠤᠷᠪᠠ᠂ ᠤᠰᠤ ᠳᠠᠮᠵᠢᠭᠤᠯᠬᠤ ᠬᠤᠭᠤᠯᠠᠶ ᠶᠢᠨ ᠣᠷᠣᠨ ︵ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠳᠤ ᠬᠤᠯᠪᠣᠭᠳᠠᠨ᠎ᠠ︶    ︵ᠨᠢᠭᠡ︶ 2023 ᠣᠨ ᠤ 3 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠰᠢᠨ᠎ᠡ ᠪᠠᠷ ᠨᠡᠮᠡᠭᠳᠡᠭᠰᠡᠨ ᠡᠭᠦᠷᠢᠳᠡ ᠬᠡᠷᠡᠭᠯᠡᠬᠦ ᠭᠠᠵᠠᠷ ᠰᠢᠷᠣᠶ ᠶᠢ ᠲᠠᠲᠠᠪᠤᠷᠢᠯᠠᠬᠤ᠂ ᠨᠥᠬᠦᠪᠥᠷᠢᠯᠡᠬᠦ ᠵᠢᠴᠢ ᠰᠣᠯᠢᠵᠤ ᠥᠭᠬᠦ ᠠᠵᠢᠯ ᠢ ᠪᠡᠶᠡᠯᠡᠭᠦᠯᠦᠨ᠎ᠡ᠃    ︵ᠬᠤᠶᠠᠷ︶ 2023 ᠣᠨ ᠤ 8 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠣᠶ ᠪᠥᠬᠦᠶ ᠦᠯᠡᠳᠡᠭᠳᠡᠯ ᠠᠰᠠᠭᠤᠳᠠᠯ ᠢ  ᠰᠢᠢᠳᠪᠦᠷᠢᠯᠡᠬᠦ ᠠᠵᠢᠯ ᠢ ᠳᠠᠭᠤᠰᠬᠠᠨ᠎ᠠ᠃    ︵ᠭᠤᠷᠪᠠ︶ 2023 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠯᠠ ᠮᠥᠩᠭᠦ᠂ ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠤᠭᠯᠠᠭᠤᠯᠤᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠳᠠᠭᠤᠰᠬᠠᠵᠤ᠂ ᠪᠠᠯᠠ ᠮᠥᠩᠭᠦ ᠶᠢᠨ ᠲᠥᠰᠦᠪ ᠤᠨ  ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃    ᠳᠥᠷᠪᠡ᠂ ᠪᠤᠰᠤᠳ ᠠᠵᠢᠯ ︵ᠵᠠᠯᠠᠶᠢᠳ ᠬᠤᠰᠢᠭᠤ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠳᠤ ᠬᠤᠯᠪᠣᠭᠳᠠᠨ᠎ᠠ︶    ︵ᠨᠢᠭᠡ︶ ᠲᠦᠷ ᠬᠡᠷᠡᠭᠯᠡᠬᠦ ᠭᠠᠵᠠᠷ ᠢ ᠦᠷᠭᠦᠯᠵᠢᠯᠡᠨ ᠲᠠᠲᠠᠪᠤᠷᠢᠯᠠᠬᠤ ᠳᠤ ᠬᠡᠷᠡᠭᠰᠡᠬᠦ ᠪᠠᠯᠠ ᠮᠥᠩᠭᠦ ᠶᠢ ᠡᠯ᠎ᠡ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠶᠢᠨ ᠭᠠᠵᠠᠷ ᠲᠠᠲᠠᠪᠤᠷᠢᠯᠠᠯᠲᠠ ᠶᠢᠨ ᠲᠥᠯᠥᠪᠦᠷᠢ ᠶᠢ ᠬᠡᠷᠡᠭᠵᠢᠭᠦᠯᠬᠦ ᠶᠠᠪᠤᠴᠠ ᠳᠠᠬᠢ ᠦᠯᠡᠳᠡᠪᠦᠷᠢ ᠪᠠᠯᠠ ᠮᠥᠩᠭᠦ ᠪᠤᠶᠤ ᠪᠣᠶ ᠪᠣᠯᠤᠭᠰᠠᠨ ᠦᠷᠡᠵᠢᠯ ᠬᠦᠤ ᠶᠢ ᠤᠷᠢᠳᠠᠪᠠᠷ ᠬᠡᠷᠡᠭᠯᠡᠵᠦ᠂ ᠬᠡᠷᠪᠡ ᠬᠡᠷᠡᠭᠯᠡᠬᠦ ᠪᠠᠯᠠ ᠮᠥᠩᠭᠦ ᠥᠬᠡᠶ ᠪᠣᠯᠤᠭᠰᠠᠨ ᠪᠠᠶᠢᠪᠠᠯ᠂ ᠴᠠᠭ ᠲᠤᠬᠠᠶ ᠳᠤᠨᠢ ᠬᠡᠷᠡᠭᠴᠡᠭᠡ ᠶᠣᠰᠣᠭᠠᠷ ᠪᠠᠯᠠ ᠮᠥᠩᠭᠦ ᠭᠤᠶᠤᠴᠢᠯᠠᠨ᠎ᠠ᠃    ︵ᠬᠤᠶᠠᠷ︶ ᠰᠢᠨ᠎ᠡ ᠪᠠᠷ ᠨᠡᠮᠡᠭᠳᠡᠭᠰᠡᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠥᠬᠦᠪᠥᠷᠢ ᠳᠤ ᠬᠤᠯᠪᠣᠭᠳᠠᠪᠠᠯ᠂ ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔 2020 〕 16 ᠳ᠋ᠤᠭᠠᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃    ︵ᠭᠤᠷᠪᠠ︶ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠺᠣᠮᠫᠠᠨᠢ ᠶᠢ ᠬᠠᠮᠵᠢᠨ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠶᠢ ᠰᠢᠯᠭᠠᠨ ᠠᠪᠬᠤ ᠵᠡᠷᠭᠡ ᠠᠵᠢᠯ ᠢ ᠰᠠᠶᠢᠲᠤᠷ ᠬᠢᠨ᠎ᠠ᠃    ︵ᠳᠥᠷᠪᠡ︶ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠨᠢᠭᠡᠨᠲᠡ ᠪᠠᠶᠢᠭᠤᠯᠵᠤ ᠳᠠᠭᠤᠰᠬᠠᠭᠠᠳ᠂ ᠡᠯ᠎ᠡ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ 2023 ᠣᠨ ᠤ 7 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠺᠣᠮᠫᠠᠨᠢ ᠲᠠᠢ ᠬᠠᠮᠵᠢᠯᠴᠠᠨ ᠠᠷᠠᠳ ᠢ ᠨᠡᠭᠦᠯᠭᠡᠬᠦ ᠮᠡᠳᠡᠭᠡ ᠵᠠᠩᠭᠢ᠂ ᠡᠷᠦᠬᠡ ᠬᠤᠪᠢᠶᠠᠨ ᠭᠠᠵᠠᠷ ᠰᠢᠷᠣᠶ ᠲᠠᠲᠠᠪᠤᠷᠢᠯᠠᠭᠰᠠᠨ ᠮᠡᠳᠡᠭᠡ ᠵᠠᠩᠭᠢ ᠶᠢ ᠪᠢᠴᠢᠵᠦ ᠣᠷᠣᠭᠤᠯᠬᠤ ᠵᠡᠷᠭᠡ ᠶᠢ ᠪᠡᠶᠡᠯᠡᠭᠦᠯᠵᠦ᠂ ᠡᠯ᠎ᠡ ᠱᠠᠲᠤᠨ ᠤ ᠭᠠᠵᠠᠷ ᠰᠢᠷᠣᠶ ᠲᠠᠲᠠᠪᠤᠷᠢᠯᠠᠭᠰᠠᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠪᠠᠶᠢᠭᠤᠯᠤᠮᠵᠢ᠂ ᠺᠣᠮᠫᠠᠨᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠬᠦ ᠳᠤ ᠬᠦᠷᠦᠭᠦᠯᠦᠨ᠎ᠡ᠃    ᠲᠠᠪᠤ᠂ ᠠᠵᠢᠯ  ᠤᠨ ᠱᠠᠭᠠᠷᠳᠠᠯᠭ᠎ᠠ    ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠴᠤᠤᠯ ᠭᠤᠣᠯ  ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ  ᠤᠨ ᠭᠠᠵᠠᠷ ᠲᠠᠲᠠᠪᠤᠷᠢᠯᠠᠨ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠨᠢᠭᠡᠨᠲᠡ ᠰᠡᠭᠦᠯ ᠤᠨ ᠱᠠᠲᠤᠨ ᠳᠤ ᠤᠷᠤᠭᠰᠠᠨ ᠪᠣᠯᠬᠤᠷ᠂ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ᠬᠤᠳᠠ ᠶᠢᠨ ᠠᠷᠠᠳ  ᠤᠨ ᠵᠠᠰᠠᠭ  ᠤᠨ ᠣᠷᠳᠣᠨ ᠨᠤᠭᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠨᠤᠯᠵᠢᠬᠤᠨ  ᠢ ᠭᠦᠨᠵᠡᠭᠡᠶ ᠦᠢᠯᠡᠳᠦᠯᠭᠡᠵᠢᠭᠦᠯᠵᠦ᠂ ᠪᠡᠯᠡ ᠮᠥᠩᠭᠦ᠂ ᠲᠠᠩᠰᠠ ᠡᠪᠬᠡᠮᠡᠯ ᠵᠡᠷᠭᠡ ᠳᠣᠲᠣᠭᠠᠳᠤ ᠦᠢᠯᠡᠰ  ᠢ ᠡᠮᠬᠢᠯᠡᠨ ᠲᠠᠩᠰᠠ ᠡᠪᠬᠡᠮᠡᠯ  ᠳᠤ ᠣᠷᠣᠭᠤᠯᠬᠤ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠬᠠᠮᠤᠭ  ᠤᠨ ᠡᠴᠦᠰ  ᠤᠨ  ᠰᠢᠯᠭᠠᠨ ᠠᠪᠬᠤ  ᠶᠢ ᠤᠭᠲᠤᠬᠤ ᠬᠡᠷᠡᠭᠲᠡᠶ᠃    ︵ᠬᠤᠶᠠᠷ︶ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ 2023 ᠣᠨ ᠤ ᠠᠵᠢᠯ ᠤᠨ ᠲᠥᠯᠥᠪᠯᠡᠭᠡ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠭᠠᠵᠠᠷ ᠲᠠᠲᠠᠪᠤᠷᠢᠯᠠᠭᠰᠠᠨ ᠠᠷᠠᠳ ᠢ ᠨᠡᠭᠦᠯᠭᠡᠨ ᠲᠥᠪᠬᠢᠨᠡᠭᠦᠯᠬᠦ ᠣᠨ ᠤ ᠲᠥᠯᠥᠪᠯᠡᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃    ︵ᠭᠤᠷᠪᠠ︶ ᠣᠷᠳᠣ ᠬᠤᠭᠤᠴᠠᠭ᠎ᠠ ᠪᠠᠷ ᠲᠥᠯᠥᠪᠵᠢᠭᠦᠯᠵᠦ᠂ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠢ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ  ᠤᠨ ᠣᠷᠳᠣᠨ ᠨᠤᠭᠤᠳ ᠭᠠᠵᠠᠷ ᠲᠠᠲᠠᠪᠤᠷᠢᠯᠠᠨ ᠨᠡᠭᠦᠯᠭᠡᠭᠰᠡᠨ ᠠᠷᠠᠳ  ᠢ ᠲᠥᠪᠬᠢᠨᠡᠭᠦᠯᠬᠦ ᠠᠵᠢᠯ  ᠢ ᠲᠣᠬᠢᠲᠠᠶ ᠰᠠᠶᠢᠲᠤᠷ ᠬᠢᠵᠦ᠂ ᠨᠡᠭᠦᠳᠡᠯ ᠠᠷᠠᠳ  ᠤᠨ ᠬᠥᠮᠦᠨ ᠠᠮᠠ ᠶᠢ ᠬᠢᠨᠠᠨ ᠪᠠᠶᠢᠴᠠᠭᠠᠬᠤ᠂ ᠨᠡᠭᠦᠳᠡᠯ ᠠᠷᠠᠳ  ᠤᠨ ᠠᠮᠢᠳᠤᠷᠠᠯ  ᠤᠨ ᠬᠢᠷᠢ ᠬᠡᠮᠵᠢᠶ᠎ᠡ ᠶᠢ ᠰᠡᠷᠭᠦᠭᠡᠭᠰᠡᠨ ᠪᠠᠶᠢᠳᠠᠯ  ᠢ ᠦᠨᠡᠯᠡᠨ ᠵᠢᠱᠢᠬᠦ ᠵᠡᠷᠭᠡ ᠠᠵᠢᠯ  ᠢ ᠦᠨᠡᠨᠬᠦ ᠴᠢᠩᠭᠠᠳᠬᠠᠵᠤ᠂ ᠤᠰᠤᠨ ᠴᠥᠭᠦᠷᠥᠮ  ᠤᠨ ᠨᠡᠭᠦᠳᠡᠯ ᠠᠷᠠᠳ ᠢ ᠨᠡᠭᠦᠯᠭᠡᠨ ᠲᠥᠪᠬᠢᠨᠡᠭᠦᠯᠦᠭᠰᠡᠨ  ᠤ ᠳᠠᠷᠠᠭᠠᠬᠢ ᠦᠢᠯᠡᠳᠪᠦᠷᠢᠯᠡᠯ᠂ ᠠᠮᠢᠳᠤᠷᠠᠯ  ᠢ ᠰᠡᠷᠭᠦᠭᠡᠭᠰᠡᠨ ᠪᠠᠶᠢᠳᠠᠯ  ᠢ ᠪᠤᠰᠤᠳᠴᠢ ᠪᠠᠷ ᠦᠨᠡᠯᠡᠬᠦ ᠪᠠᠷ ᠳᠠᠮᠵᠢᠭᠤᠯᠤᠨ᠂ ᠨᠡᠩ ᠪᠦᠷᠢᠨ ᠲᠡᠭᠦᠯᠳᠡᠷ ᠨᠡᠭᠦᠳᠡᠯ ᠠᠷᠠᠳ  ᠤᠨ ᠲᠥᠷᠥ ᠶᠢᠨ ᠪᠤᠳᠤᠯᠭ᠎ᠠ ᠪᠣᠯᠤᠨ ᠨᠡᠭᠦᠳᠡᠯ ᠠᠷᠠᠳ  ᠢ ᠲᠡᠳᠬᠦᠬᠦ ᠲᠥᠯᠥᠪᠵᠢᠭᠦᠯᠭᠡ ᠶᠢ ᠲᠣᠭᠲᠠᠭᠠᠬᠤ  ᠳᠤ ᠯᠠᠪᠯᠠᠯᠲᠠ ᠬᠠᠩᠭᠠᠬᠤ ᠬᠡᠷᠡᠭᠲᠡᠶ᠃                    
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号