ᠤᠯᠠᠭᠠᠨᠬᠤᠲᠠ ᠶᠢᠨ ᠦ᠋ ᠢ ᠵᠡᠭᠡᠯᠢ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2023/3/3
    ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠶᠢ ᠴᠢᠨᠠᠭᠰᠢᠳᠠ ᠴᠢᠩᠭᠠᠳᠬᠠᠵᠤ᠂ ᠠᠮᠤᠷ ᠲᠦᠪᠰᠢᠨ ᠤ ᠡ᠊ᠡᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 3 ᠰᠠᠷ᠎ᠠ ᠶᠢᠨ 1 ᠤ ᠡᠳᠦᠷ᠂ ᠤᠯᠠᠭᠠᠨᠬᠤᠲᠠ ᠶᠢᠨ ᠦ᠋ ᠢ ᠵᠡᠭᠡᠯᠢ ᠤᠯᠠᠭᠠᠨᠬᠤᠲᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠶᠡᠭᠡ ᠠᠩᠭᠢ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠦ᠋ ᠢ ᠵᠡᠭᠡᠯᠢ ᠶᠢᠨ ᠬᠠᠮᠢᠶᠠᠷᠤᠯᠲᠠ ᠶᠢᠨ ᠭᠠᠵᠠᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠭᠤᠣᠯᠳᠠᠯᠭ᠎ᠠ ᠲᠠᠢ ᠲᠠᠯᠠᠪᠤᠷ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂ ᠬᠠᠷᠢᠶ᠎ᠠ ᠣᠷᠣᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠠᠢ    ᠪᠠᠶᠢᠴᠠᠭᠠᠯᠲᠠ ᠠᠴᠠ ᠡᠮᠦᠨ᠎ᠡ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠠᠭᠤᠯᠵᠠᠨ ᠶᠠᠷᠢᠯᠴᠠᠬᠤ ᠬᠤᠷᠠᠯ ᠬᠢᠵᠦ᠂ ᠣᠳᠣᠬᠠᠨ ᠤ ᠬᠠᠷᠢᠶ᠎ᠠ ᠣᠷᠣᠨ ᠤ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠲᠣᠪᠤᠶᠢᠮ᠎ᠠ ᠠᠶᠤᠯ ᠲᠦᠭᠰᠢᠭᠦᠷᠢ ᠳᠤ ᠵᠠᠳᠠᠯᠤᠯᠲᠠ ᠬᠢᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ᠂ ᠣᠳᠣᠬᠠᠨ ᠤ ᠠᠵᠢᠯ ᠤᠨ ᠡᠭᠦᠷᠭᠡ ᠪᠠᠨ ᠪᠠᠶᠢᠷᠢᠯᠠᠭᠤᠯᠪᠠ᠃ ᠳᠠᠷᠠᠭ᠎ᠠ ᠨᠢ᠂ ᠦ᠋ ᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠱᠦᠵᠢ ᠯᠢ ᠫᠧᠩ᠂ ᠦ᠋ ᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠶᠢᠨ ᠠᠢ ᠱᠠᠨ ᠪᠠᠶᠢᠴᠠᠭᠠᠬᠤ ᠳᠤᠭᠤᠶᠢᠯᠠᠩ ᠢᠶᠠᠨ ᠳᠠᠭᠠᠭᠤᠯᠤᠨ ᠤᠷᠢᠳ ᠬᠤᠵᠢᠳ ᠬᠠᠷᠢᠶ᠎ᠠ ᠣᠷᠣᠨ ᠤ ᠪᠠᠨ ᠢᠳᠡᠭᠡᠨ ᠤᠮᠳᠠᠭᠠᠨ ᠤ ᠭᠠᠵᠠᠷ᠂ ᠵᠣᠴᠢᠳ ᠤᠨ ᠪᠠᠭᠤᠳᠠᠯ ᠪᠠᠭᠤᠳᠠᠯ᠂ ᠴᠢᠯᠦᠭᠡᠲᠦ ᠳᠡᠯᠭᠡᠭᠦᠷ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠯ ᠰᠡᠷᠭᠡᠶᠢᠯᠡᠵᠦ ᠤᠨᠲᠠᠷᠠᠭᠠᠬᠤ ᠲᠥᠬᠦᠭᠡᠷᠦᠮᠵᠢ ᠶᠢ ᠨᠠᠶᠢᠳᠠᠪᠤᠷᠢᠵᠢᠭᠤᠯᠤᠭᠰᠠᠨ ᠡᠰᠡᠬᠦ᠂ ᠬᠥᠮᠦᠰ ᠢ ᠲᠠᠷᠬᠠᠭᠠᠬᠤ ᠵᠠᠮ ᠨᠡᠪᠲᠡᠷᠡᠬᠦ ᠡᠰᠡᠬᠦ ᠵᠢᠴᠢ ᠭᠠᠯ ᠰᠡᠷᠭᠡᠶᠢᠯᠡᠵᠦ ᠤᠨᠲᠠᠷᠠᠭᠠᠬᠤ ᠲᠥᠬᠦᠭᠡᠷᠦᠮᠵᠢ ᠶᠢᠨ ᠪᠦᠷᠢᠨ ᠡᠰᠡᠬᠦ ᠵᠡᠷᠭᠡ ᠪᠠᠶᠢᠳᠠᠯ ᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠳᠠᠯᠳᠠ ᠭᠡᠮ ᠪᠣᠯᠣᠨ ᠠᠰᠠᠭᠤᠳᠠᠯ ᠳᠤ ᠴᠢᠭᠯᠡᠭᠦᠯᠦᠨ ᠲᠣᠳᠣᠷᠬᠠᠢ ᠬᠠᠭᠤᠳᠠᠰᠤ ᠭᠠᠷᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ᠂ ᠡᠯ᠎ᠡ ᠠᠵᠤ ᠠᠬᠤᠶᠢᠯᠠᠯ ᠤᠨ ᠳᠡᠯᠭᠡᠭᠦᠷ ᠤᠳ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠤᠰ ᠪᠠᠶᠢᠭᠤᠯᠭ᠎ᠠ ᠨᠢᠭᠡᠴᠢ ᠶᠢᠨ ᠢᠶᠠᠨ ᠠᠶᠤᠯ ᠲᠦᠭᠰᠢᠭᠦᠷᠢ ᠶᠢᠨ ᠳᠠᠯᠳᠠ ᠭᠡᠮ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠰᠠᠶᠢᠵᠢᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠦ᠋ ᠢ ᠵᠡᠭᠡᠯᠢ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶᠡᠨ ᠳᠠᠬᠢ ᠵᠢᠭᠰᠠᠭᠠᠨ ᠪᠠᠶᠢᠴᠠᠭᠠᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠡᠯ᠎ᠡ ᠲᠥᠷᠥᠯ ᠤᠨ ᠡ᠊ᠡᠳᠡᠯ ᠭᠠᠷᠬᠤ ᠶᠢ ᠰᠡᠷᠭᠡᠶᠢᠯᠡᠵᠦ᠂ ᠬᠠᠷᠢᠶ᠎ᠠ ᠣᠷᠣᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃  
 
ᠢᠷᠡᠯᠲᠡ᠄ ᠤᠯᠠᠭᠠᠨᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号