ᠤᠯᠠᠭᠠᠨᠬᠤᠲᠠ ᠶᠢᠨ ᠲᠡᠮᠦᠷ ᠵᠠᠮ ᠤᠨ ᠪᠠᠷᠠᠭᠤᠨᠳᠡᠬᠢ ᠵᠡᠭᠡᠯᠢ ᠠᠮᠤᠷ ᠲᠥᠪᠰᠢᠨ ᠤ ᠵᠢᠭᠰᠠᠭᠠᠨ ᠪᠠᠶᠢᠴᠠᠭᠠᠯᠲᠠ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/3
   ᠵᠡᠭᠡᠯᠢ ᠭᠤᠳᠤᠮᠵᠢ ᠶᠢᠨ ᠬᠠᠷᠢᠶ᠎ᠠ ᠣᠷᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠨ᠂ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡ᠊ᠡᠳᠡᠯ ᠤᠨ ᠳᠠᠯᠲᠠ ᠭᠡᠮ ᠢ ᠠᠷᠢᠯᠭᠠᠬᠤ ᠶᠢᠨ ᠲᠦᠯᠦᠭᠡ᠂ 3 ᠰᠠᠷ᠎ᠠ ᠶᠢᠨ 1 ᠤ ᠡᠳᠦᠷ᠂ ᠤᠯᠠᠭᠠᠨᠬᠤᠲᠠ ᠶᠢᠨ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ᠂ ᠠᠮᠤᠷ ᠲᠥᠪᠰᠢᠨ ᠤ ᠠᠵᠢᠯ ᠤᠨ ᠠᠯᠪᠠᠨ ᠭᠡᠷ ᠬᠤᠯᠪᠤᠭᠠᠯᠠᠨ ᠬᠠᠷᠢᠶ᠎ᠠ ᠣᠷᠤᠨ ᠤ ᠳᠣᠲᠤᠷᠠᠬᠢ ᠳᠤᠮᠳᠠ ᠪᠠᠭ᠎ᠠ ᠬᠡᠯᠪᠡᠷᠢ ᠶᠢᠨ ᠬᠤᠭᠤᠯᠠᠨ ᠭᠡᠷ᠂ ᠵᠣᠴᠢᠳ ᠤᠨ ᠪᠠᠭᠤᠳᠠᠯ᠂ ᠲᠣᠰᠤ ᠨᠡᠮᠡᠬᠦ ᠦᠷᠲᠡᠭᠡ᠂ ᠴᠢᠯᠦᠭᠡᠲᠦ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠤ ᠠᠮᠤᠷ ᠲᠥᠪᠰᠢᠨ ᠤ ᠵᠢᠭᠰᠠᠭᠠᠨ ᠪᠠᠶᠢᠴᠠᠭᠠᠯᠲᠠ ᠪᠣᠯᠣᠨ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠵᠡᠢ᠃    ᠬᠦᠷᠦᠭᠰᠡᠨ ᠭᠠᠵᠠᠷ ᠪᠣᠯᠭᠠᠨ ᠳᠤ᠂ ᠠᠵᠢᠯᠲᠠᠳ ᠭᠠᠯ ᠰᠡᠷᠭᠡᠶᠢᠯᠡᠵᠦ ᠤᠨᠲᠠᠷᠠᠭᠠᠬᠤ ᠲᠦᠬᠦᠭᠡᠷᠦᠮᠵᠢ᠂ ᠬᠥᠮᠦᠰ ᠢ ᠲᠠᠷᠬᠠᠭᠠᠬᠤ ᠵᠠᠮ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠳᠠᠯ᠂ ᠭᠠᠯ ᠰᠡᠷᠭᠡᠶᠢᠯᠡᠵᠦ ᠤᠨᠲᠠᠷᠠᠭᠠᠬᠤ ᠲᠦᠬᠦᠭᠡᠷᠦᠮᠵᠢ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠪᠠ ᠬᠠᠮᠠᠭᠠᠯᠠᠯᠲᠠ ᠶᠢᠨ ᠪᠠᠶᠢᠳᠠᠯ ᠢ ᠬᠢᠨᠠᠮᠠᠭᠠᠢ ᠪᠠᠶᠢᠴᠠᠭᠠᠵᠤ ᠂ ᠭᠠᠯ ᠴᠠᠬᠢᠯᠭᠠᠨ ᠬᠡᠷᠡᠭᠯᠡᠬᠦ ᠬᠠᠮᠢᠶᠠᠷᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠨ᠂ ᠲᠣᠭᠤᠷᠢᠨ ᠪᠠᠶᠢᠴᠠᠭᠠᠬᠤ ᠡᠬᠡ ᠲᠠᠩᠰᠠ ᠶᠢ ᠪᠠᠶᠢᠭᠤᠯᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠪᠠᠯ᠂ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠵᠠᠢ᠃ ᠲᠣᠰ ᠤᠳᠠᠭᠠᠨ ᠤ ᠠᠵᠢᠯᠯᠠᠭ᠎ᠠ ᠨᠢ ᠤᠷᠢᠳᠴᠢᠯᠠᠨ ᠰᠡᠷᠭᠡᠶᠢᠯᠡᠬᠦ ᠶᠢ ᠡᠬᠢ ᠡᠭᠦᠰᠦᠯ ᠠᠴᠠ ᠨᠢ ᠠᠳᠬᠤᠵᠤ᠂ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃  
 
ᠢᠷᠡᠯᠲᠡ᠄ ᠤᠯᠠᠭᠠᠨᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号