ᠲᠦᠴᠢᠦᠸᠠᠨ ᠰᠢᠶᠠᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/3
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ 2 ᠰᠠᠷ᠎ᠠ ᠶᠢᠨ 27 ᠤ ᠡᠳᠦᠷ᠂ ᠲᠦᠴᠢᠦᠸᠠᠨ ᠰᠢᠶᠠᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠢᠦᠢ ᠲᠦᠩ ᠨᠢᠶᠠᠨ ᠬᠤᠷᠠᠯ ᠡᠷᠭᠢᠯᠡᠭᠰᠡᠨ ᠪᠥᠭᠡᠳ ᠲᠤᠰᠬᠠᠢ ᠰᠡᠳᠦᠪ ᠢᠶᠠᠷ ᠬᠢᠴᠢᠶᠡᠯ ᠣᠷᠣᠵᠤ ᠬᠠᠪᠰᠤᠷᠤᠨ ᠵᠢᠯᠤᠭᠤᠳᠴᠤ᠂ ᠪᠦᠬᠦ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠪᠠᠰᠤᠷᠠᠯ ᠤᠨ ᠬᠤᠷᠠᠯ ᠳᠤ ᠣᠷᠣᠯᠴᠠᠪᠠ᠃      ᠪᠣᠯᠪᠠᠰᠤᠷᠠᠯ ᠤᠨ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠦᠲᠦᠭᠡᠨ ᠪᠠᠶᠢᠭᠤᠯᠤᠯᠲᠠ᠂ ᠰᠢᠶᠠᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠷᠪᠠᠨ ᠲᠦᠷᠪᠡᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠵᠢᠴᠢ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠬᠠᠪᠰᠤᠷᠤᠨ ᠵᠢᠯᠤᠭᠤᠳᠬᠤ ᠪᠣᠯᠪᠠᠰᠤᠷᠠᠯ ᠬᠢᠵᠦ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ ᠬᠠᠮᠲᠤ ᠪᠠᠷ ᠪᠠᠷᠢᠮᠲᠠᠲᠤ ᠹᠢᠯᠢᠮ ︽ᠦᠷ᠎ᠡ ᠶᠢᠨ ᠦᠷ᠎ᠡ︾᠂ ︽ᠲᠤᠲᠤᠷᠭ᠎ᠠ ᠶᠢᠨ ᠵᠠᠮ︾ ᠢ ᠰᠣᠨᠢᠷᠬᠠᠪᠠ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠵᠣᠭᠰᠣᠴᠠ ᠪᠠᠨ ᠳᠡᠭᠡᠭᠰᠢᠯᠡᠭᠦᠯᠵᠦ᠂ ᠣᠷᠣᠨ ᠪᠠᠶᠢᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠲᠥᠯᠥᠭᠡᠯᠡᠭᠴᠢ ᠶᠢᠨ ᠳᠦᠷᠢ ᠲᠥᠷᠬᠦ ᠶᠢ ᠪᠤᠢ ᠪᠣᠯᠭᠠᠵᠤ᠂ ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠪᠠᠳᠠᠷᠠᠭᠤᠯᠬᠤ ᠬᠡᠷᠡᠭᠲᠡᠢ᠃ ᠭᠤᠷᠪᠠ ᠳᠤ᠂ ᠠᠷᠠᠳ ᠤᠨ ᠲᠥᠯᠥᠭᠡ ᠡᠷᠭᠦᠳᠡᠯ ᠭᠠᠷᠭᠠᠵᠤ᠂ ᠠᠷᠠᠳ ᠤᠨ ᠲᠦᠯᠦᠭᠡ ᠦᠭᠡ ᠬᠡᠯᠡᠬᠦ ᠬᠡᠷᠡᠭᠲᠡᠢ᠃ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠡᠭᠡᠨ ᠣᠰᠣᠯᠳᠠᠬᠤ ᠦᠭᠡᠢ ᠰᠢᠯᠢᠳᠡᠭ ᠲᠥᠯᠥᠭᠡᠯᠡᠭᠴᠢ ᠪᠣᠯᠬᠤ ᠬᠡᠷᠡᠭᠲᠡᠢ᠃    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号