ᠮᠠᠨ ᠤ ᠠᠶᠢᠮᠠᠭ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠨᠡᠮᠡᠭᠳᠡᠪᠡ
ᠨᠡᠶᠢᠲᠡᠯᠡᠭᠰᠡᠨ ᠴᠠᠭ᠄
2023/3/3
    2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠡᠶᠢᠲᠡᠯᠡᠭᠰᠡᠨ ᠲᠠᠷᠢᠶᠠᠯᠠᠩ ᠮᠠᠯ ᠠᠵᠤ ᠠᠬᠤᠶ᠂ ᠡᠨᠧᠷᠭᠢ ᠶᠢᠨ ᠬᠦᠷᠢᠶᠡᠨ ᠳᠠᠬᠢ ᠨᠢᠭᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠨᠡᠷᠡᠰ ᠲᠤ᠂ ᠮᠠᠨ ᠤ ᠠᠶᠢᠮᠠᠭ ᠤᠨ ᠡᠭᠦᠳᠦᠨ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠲᠤ ᠶᠢᠨ ᠬᠦᠢᠳᠡᠨ ᠭᠠᠵᠠᠷ ᠤᠨ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠲᠣᠰ ᠲᠤᠷᠰᠢᠯᠲᠠ ᠶᠢᠨ ᠲᠠᠰᠤᠭ ᠪᠣᠯ ᠪᠥᠬᠦ ᠣᠷᠣᠨ ᠤ ᠴᠣᠷ ᠤᠨ ᠭᠠᠭᠴᠠ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠪᠤᠯᠤᠨ᠎ᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠲᠤ ᠶᠢᠨ  ᠬᠦᠢᠳᠡᠨ ᠭᠠᠵᠠᠷ ᠤᠨ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠢᠶᠠᠷ ᠲᠦᠷᠦᠭᠦᠯᠡᠭᠦᠯᠦᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠬᠤᠶᠢᠲᠤ ᠶᠢᠨ ᠭᠠᠵᠠᠷ ᠵᠦᠶ ᠬᠢᠭᠡᠳ ᠲᠠᠷᠢᠶᠠᠯᠠᠩ ᠤᠨ ᠠᠮᠢ ᠠᠬᠤᠶ ᠶᠢᠨ ᠰᠤᠳᠤᠯᠭᠠᠨ ᠤ ᠭᠠᠵᠠᠷ᠂ ᠲᠦᠩᠯᠢᠶᠣᠤ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠬᠢᠩᠭᠠᠨ ᠠᠶᠢᠮᠠᠭ ᠤᠨ ᠯᠦᠩ  ᠬᠤᠸᠠ ᠲᠡᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠬᠠᠮᠳᠤᠷᠠᠨ ᠪᠠᠶᠢᠭᠤᠯᠪᠠ᠃ 2019 ᠣᠨ ᠠᠴᠠ ᠨᠠᠰᠢ᠂ ᠲᠤᠰ ᠲᠤᠷᠰᠢᠯᠲᠠ ᠶᠢᠨ ᠲᠠᠰᠤᠭ ᠤᠷᠢᠳ ᠬᠤᠵᠢᠳ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠤᠰᠬᠠᠢ ᠲᠦᠷᠦᠯ᠂ ᠤᠯᠤᠰ ᠤᠨ ᠤᠰᠤᠨ ᠲᠤᠲᠤᠷᠭ᠎ᠠ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠬᠢᠩᠭᠠᠨ ᠠᠶᠢᠮᠠᠭ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠦᠷᠳᠡᠭᠡ ᠶᠢᠨ ᠲᠦᠷᠦᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠪᠣᠭᠤᠮᠲᠠ ᠰᠢᠪᠲᠤᠯᠬᠤ ᠲᠦᠷᠦᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠴᠢᠬᠤᠯᠠ ᠶᠡᠭᠡ ᠬᠠᠮᠵᠢᠯᠴᠠᠨ ᠳᠡᠯᠭᠡᠷᠡᠭᠦᠯᠬᠦ ᠲᠦᠷᠦᠯ ᠵᠦᠢᠯ ᠵᠡᠷᠭᠡ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ 10 ᠭᠠᠷᠤᠢ ᠡᠭᠦᠷᠭᠡᠯᠡᠪᠡ᠃    ᠳᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠤᠨ ᠬᠢᠨ ᠤᠰᠤᠨ ᠲᠤᠲᠤᠷᠭ᠎ᠠ ᠵᠡᠷᠭᠡ ᠭᠤᠣᠯ ᠪᠣᠯᠬᠤ ᠲᠠᠷᠢᠮᠠᠯ ᠤᠨ ᠰᠢᠯᠢᠳᠡᠭ ᠦᠷ᠎ᠡ ᠪᠣᠯᠤᠨ ᠴᠢᠬᠤᠯᠠ ᠶᠡᠭᠡ ᠡᠭᠦᠯᠳᠡᠷ ᠳᠤᠲᠠᠭᠳᠠᠬᠤ ᠵᠡᠷᠭᠡ ᠪᠣᠭᠤᠮᠢ ᠶᠢᠨ ᠠᠰᠠᠭᠤᠳᠠᠯ ᠢ  ᠰᠢᠢᠳᠪᠦᠷᠢᠯᠡᠬᠦ  ᠪᠠᠷ ᠤᠳᠤᠷᠢᠳᠤᠮᠵᠢ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠵᠡᠷᠭᠡ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠠᠶᠢᠮᠠᠭ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠮᠠᠨ ᠤ ᠠᠶᠢᠮᠠᠭ ᠢ ᠤᠰᠤᠨ ᠲᠤᠲᠤᠷᠭ᠎ᠠ ᠶᠢᠨ ᠬᠦᠷᠢᠶᠡᠨ ᠳᠠᠬᠢ ᠥᠨᠳᠥᠷ ᠬᠢᠷᠢ ᠲᠦᠪᠰᠢᠨ ᠪᠥᠬᠦᠶ ᠰᠠᠭᠤᠷᠢ ᠰᠤᠳᠤᠯᠭᠠᠨ᠂ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠮᠡᠷᠭᠡᠵᠢᠯ ᠤᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号