ᠬᠢᠩᠭᠠᠨ ᠠᠶᠢᠮᠠᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠪᠦᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2023/3/3
   3 ᠳ᠋ᠤᠭᠠᠷ ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ 2023 ᠣᠨ ᠤ ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠦᠨ᠎ᠡ — — ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠵᠠᠯᠠᠶᠢᠳ ᠬᠤᠰᠢᠭᠤᠨ ᠤ ᠰᠢᠨ ᠯᠢᠨ ᠪᠠᠯᠭᠠᠰᠤᠨ ᠤ ᠰᠢᠨ  ᠹᠧᠩ ᠲᠣᠰᠬᠤᠨ ᠳᠤ ᠶᠠᠪᠤᠭᠳᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ  ᠳᠤ ᠸᠢᠳᠢᠤ᠋ ᠬᠡᠯᠪᠡᠷᠢ ᠪᠠᠷ ᠵᠡᠷᠭᠡᠪᠡᠷ ᠶᠠᠪᠤᠭᠳᠠᠭᠤᠯᠪᠠ᠃    ᠤᠬᠤᠭᠤᠷ ᠮᠠᠰᠢᠨ᠂ ᠰᠢᠷᠣᠢ ᠲᠦᠯᠬᠢᠬᠦ ᠮᠠᠰᠢᠨ ᠨᠠᠰᠢ ᠴᠠᠰᠢ ᠰᠦᠯᠵᠢᠯᠳᠦᠵᠦ᠂ ᠥᠨᠳᠥᠷ ᠢ ᠮᠠᠯᠲᠠᠵᠤ ᠳᠣᠣᠷ᠎ᠠ ᠶᠢ ᠪᠥᠭᠯᠡᠵᠦ᠂ ᠭᠠᠵᠠᠷ ᠰᠢᠷᠣᠢ ᠶᠢ ᠲᠡᠭᠰᠢᠯᠡᠪᠡ ᠁ ᠬᠦᠷᠴᠢᠭᠢᠨᠡᠬᠦ ᠮᠠᠰᠢᠨ ᠤ ᠳᠠᠭᠤᠨ ᠤ ᠳᠤᠮᠳᠠ᠂ ᠬᠢᠩᠭᠠᠨ ᠠᠶᠢᠮᠠᠭ ᠤᠨ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ︽ᠳᠠᠭᠠᠷᠢᠯᠲᠠ ᠶᠢᠨ  ᠪᠦᠷᠢᠶ᠎ᠡ︾ ᠵᠢᠩᠬᠢᠨᠢ ᠪᠠᠷ ᠬᠠᠩᠭᠢᠨᠠᠨ ᠴᠤᠤᠷᠢᠶᠠᠲᠤᠪᠠ᠃ ᠡᠨᠡ ᠵᠢᠯ᠂ ᠪᠥᠬᠦ ᠠᠶᠢᠮᠠᠭ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 101 ᠲᠦᠮᠡᠨ ᠮᠥ ᠪᠠᠶᠢᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠰᠢᠨ᠎ᠡ ᠪᠠᠷ ᠪᠠᠶᠢᠭᠤᠯᠬᠤ ᠡᠭᠦᠷᠭᠡ 71 ᠲᠦᠮᠡᠨ ᠮᠥ ᠳᠤ ᠬᠦᠷᠴᠡᠶ᠂ ᠡᠭᠦᠨ ᠳᠤ ᠵᠠᠯᠠᠶᠢᠳ ᠬᠤᠰᠢᠭᠤᠨ ᠤ 28 ᠲᠦᠮᠡᠨ ᠮᠥ᠂ ᠳᠤᠮᠳᠠᠳᠤ ᠬᠤᠰᠢᠭᠤᠨ ᠤ 24 ᠲᠦᠮᠡᠨ ᠮᠥ᠂ ᠲᠦᠴᠢᠦᠸᠠᠨ ᠤ 19 ᠲᠦᠮᠡᠨ ᠮᠥ ᠪᠠᠭᠲᠠᠨ᠎ᠠ︔ 30 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠣᠷᠣᠭᠤᠯᠬᠤ ᠪᠠᠷ ᠭᠤᠶᠤᠴᠢᠯᠠᠪᠠ᠃ ︽ᠨᠢᠭᠡ ᠶᠢ ᠲᠤᠰᠢᠶᠠᠬᠤ᠂ ᠨᠢᠭᠡ ᠶᠢ ᠬᠢᠨᠠᠨ ᠲᠣᠭᠲᠠᠭᠠᠬᠤ᠂ ᠨᠢᠭᠡ ᠶᠢ ᠴᠤᠬᠤᠯᠠᠪᠤᠷᠢᠯᠠᠬᠤ᠂ ᠨᠢᠭᠡ ᠶᠢ ᠳᠠᠭᠠᠭᠠᠴᠢᠯᠠᠯᠲᠠ ᠵᠠᠷᠯᠠᠬᠤ᠂ ᠨᠢᠭᠡ ᠶᠢ ᠠᠵᠢᠯ ᠡᠬᠢᠯᠡᠭᠦᠯᠬᠦ︾ ᠵᠠᠷᠴᠢᠮ  ᠤᠨ ᠶᠣᠰᠣᠭᠠᠷ᠂ 3  ᠳ᠋ᠤᠭᠠᠷ ᠰᠠᠷ᠎ᠠ ᠶᠢᠨ ᠰᠡᠭᠦᠯᠴᠢ ᠪᠣᠯᠬᠤ  ᠲᠤ᠂ ᠲᠥᠷᠥᠯ ᠵᠦᠢᠯ  ᠤᠨ ᠠᠵᠢᠯ ᠡᠬᠢᠯᠡᠭᠦᠯᠦᠭᠰᠡᠨ ᠨᠤᠷᠮ᠎ᠠ ᠶᠢ 50% ᠠᠴᠠ ᠳᠡᠭᠡᠭᠰᠢ ᠳᠤ ᠬᠦᠷᠦᠭᠦᠯᠵᠦ᠂ 4  ᠳ᠋ᠤᠭᠠᠷ ᠰᠠᠷ᠎ᠠ ᠶᠢᠨ   ᠡᠬᠢ ᠪᠠᠷ 100% ᠪᠠᠷ ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ 11  ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠳᠠᠭᠤᠰᠬᠠᠬᠤ ᠶᠢᠨ ᠬᠠᠮᠲᠤ ᠲᠥᠷᠥᠯ ᠵᠦᠢᠯ ᠤᠨ ᠠᠩᠬᠠᠨ ᠤ ᠰᠢᠯᠭᠠᠯᠲᠠ ᠶᠢ ᠳᠠᠭᠤᠰᠬᠠᠵᠤ᠂ 12 ᠳ᠋ᠤᠭᠠᠷ ᠰᠠᠷ᠎ᠠ ᠳᠤ ᠲᠥᠷᠥᠯ ᠵᠦᠢᠯ ᠤᠨ ᠠᠵᠢᠯ ᠳᠠᠭᠤᠰᠤᠭᠰᠠᠨ ᠢ ᠰᠢᠯᠭᠠᠨ ᠪᠠᠶᠢᠴᠠᠭᠠᠵᠦ ᠪᠤᠯᠤᠨ᠎ᠠ᠃    ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠢᠨ ᠢᠮᠠᠭᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠶᠢ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠴᠢᠬᠤᠯᠠ ᠠᠷᠭ᠎ᠠ  ᠬᠡᠮᠵᠢᠶ᠎ᠡ ᠪᠣᠯᠭᠠᠵᠤ ᠂ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ︽ᠠᠮᠤ ᠪᠤᠳᠠᠭᠠᠨ ᠤ ᠲᠠᠷᠢᠶ᠎ᠠ︾ ᠶᠢ ︽ᠰᠠᠶᠢᠨ ᠲᠠᠷᠢᠶ᠎ᠠ︾ ᠪᠣᠯᠭᠠᠨ ᠬᠤᠪᠢᠷᠠᠭᠤᠯᠬᠤ ᠶᠢ ᠠᠬᠢᠭᠤᠯᠵᠠᠢ᠃ 2022 ᠣᠨ ᠤ ᠰᠡᠭᠦᠯᠴᠢ ᠪᠣᠯᠲᠠᠯ᠎ᠠ᠂ ᠬᠢᠩᠭᠠᠨ ᠠᠶᠢᠮᠠᠭ ᠤᠨ ᠬᠢᠨ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 730.62 ᠲᠦᠮᠡᠨ ᠮᠦ ᠪᠠᠶᠢᠭᠤᠯᠵᠠᠢ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号