ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ  ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠠᠶᠤᠯᠭᠦᠶ  ᠦᠢᠯᠡᠳᠪᠦᠷᠢᠯᠡᠯ ᠪᠠ ︽  ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠤᠨ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/3/6
  3 ᠰᠠᠷ᠎ᠠ ᠶᠢᠨ 1 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠠᠶᠤᠯᠭᠦᠶ  ᠦᠢᠯᠡᠳᠪᠦᠷᠢᠯᠡᠯ ᠪᠠ ︽ᠲᠠᠪᠤᠨ ᠦᠨᠳᠦᠰᠦᠨ ᠵᠦᠢᠯ︾ ᠤᠨ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃    ᠯᠢᠶᠠᠩ ᠶᠠᠨ ᠵᠢᠶᠦ᠋ᠨ ᠨᠡᠷ ᠤᠷᠢᠳ ᠬᠤᠵᠢᠳ ᠰᠢᠩ ᠲᠦᠩ ᠨᠡᠭᠦᠷᠡᠰᠦᠨ ᠠᠭᠤᠷᠬᠠᠢ᠂ ᠴᠧᠨ ᠯᠦᠩ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠬᠤᠨᠠᠨ ᠥᠪᠥᠷ ᠮᠣᠩᠭᠤᠯ ᠤᠨ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠰᠢᠨ ᠠᠨ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠱᠠᠨ ᠱᠦᠢ ᠱᠦᠢᠨᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ ᠬᠢᠭᠡᠳ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠬᠠᠮᠢᠶ᠎ᠠ ᠪᠦᠬᠦᠢ ᠠᠵᠢᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃    ᠯᠢᠶᠠᠩ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠠᠵᠤ ᠠᠬᠤᠶᠢᠯᠠᠯ ᠤᠨ ᠬᠢᠨ ᠰᠢᠨ ᠵᠢᠩ ᠨᠡᠭᠦᠷᠡᠰᠦᠨ ᠠᠭᠤᠷᠬᠠᠶ ᠶᠢᠨ ︽2 · 22︾ ᠤᠨ ᠨᠤᠷᠠᠭᠰᠠᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠣᠳᠣᠬᠠᠨ ᠤ  ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠨᠣᠴᠢᠲᠠᠶ ᠴᠢᠨᠠᠷ ᠪᠠ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠡᠴᠦᠰ ᠲᠤᠨᠢ ᠲᠤᠯᠲᠠᠯ᠎ᠠ ᠬᠢᠴᠢᠶᠡᠨ ᠰᠠᠶᠢᠲᠤᠷ ᠠᠳᠬᠤᠬᠤ ᠬᠡᠷᠡᠭᠲᠡᠶ᠃ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠪᠣᠯᠤᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠰᠢᠭᠤᠨ ᠤ ᠤᠳᠤᠷᠢᠳᠤᠯᠭ᠎ᠠ ᠸᠠᠩ ᠬᠠᠶ ᠶᠢᠩ᠂ ᠴᠧᠨ ᠴᠢᠩ ᠬᠤᠸᠠ ᠬᠢᠨᠠᠨ ᠵᠢᠯᠣᠭᠤᠳᠴᠤ ᠪᠠᠶᠢᠴᠠᠭᠠᠬᠤ ᠳᠤ ᠣᠷᠣᠯᠴᠠᠵᠠᠶ᠃    
 
ᠢᠷᠡᠯᠲᠡ᠄ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号