ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠬᠢᠨ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ | ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠢ ᠨᠡᠶᠢᠳᠡ 128 | ᠬᠡᠷᠡᠭᠵᠢᠭᠦᠯᠵᠦ᠂ 152.11 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠵᠠᠢ᠃ | 3 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠤ 2023 ᠣᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠲᠥᠷᠥᠯ ᠵᠦᠶ᠋ᠯ ᠵᠢᠩᠬᠢᠨᠢ ᠪᠠᠷ ᠪᠠᠷᠢᠯᠭ᠎ᠠ ᠡᠬᠢᠯᠡᠪᠡ᠃ | | ᠲᠠᠶᠢᠫᠢᠩ ᠰᠢᠶᠠᠩ ᠤᠨ ᠪᠠᠢ ᠮᠢᠶᠣᠣ ᠽᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠤᠬᠤᠭᠤᠷ ᠮᠠᠰᠢᠨ᠂ ᠰᠢᠷᠣᠢ ᠲᠦᠯᠬᠢᠬᠦ | ᠮᠠᠰᠢᠨ ᠲᠤᠬᠠᠢ ᠶᠢᠨ ᠲᠠᠯᠠᠪᠠᠢ ᠳᠤ ᠠᠵᠢᠯᠯᠠᠵᠤ᠂ ᠵᠥᠭᠡᠭᠡᠪᠦᠷᠢ ᠶᠢᠨ ᠮᠠᠰᠢᠨ ᠲᠡᠷᠭᠡ ᠨᠦᠭᠦᠳ ᠪᠠᠷᠢᠯᠭ᠎ᠠ ᠶᠢᠨ | ᠭᠠᠵᠠᠷ ᠤᠨ ᠬᠤᠭᠤᠷᠣᠨᠳᠣ ᠨᠠᠰᠢ ᠴᠠᠰᠢ ᠶᠠᠪᠤᠵᠤ᠂ ᠠᠮᠤᠷ ᠲᠦᠪᠰᠢᠨ ᠤ ᠮᠠᠯᠠᠭᠠᠢ ᠵᠡᠭᠦᠭᠰᠡᠨ ᠠᠵᠢᠯᠴᠢᠳ ᠪᠦᠬᠦ | ᠬᠦᠴᠦᠨ ᠢᠶᠠᠷ ᠢᠶᠠᠨ ᠬᠦᠴᠦ ᠬᠥᠯᠥᠰᠥ ᠪᠠᠨ ᠰᠢᠪᠬᠠᠨ ᠠᠵᠢᠯᠯᠠᠵᠤ ᠪᠠᠶᠢᠯ᠎ᠠ᠃ ᠡᠨᠡ ᠵᠢᠯ᠂ ᠲᠦᠴᠢᠦᠸᠠᠨ ᠰᠢᠶᠠᠨ | ᠤᠶᠤᠨᠲᠤ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢ ᠤᠷᠢᠳᠴᠢᠯᠠᠨ ᠮᠡᠳᠡᠭᠡᠯᠡᠬᠦ ᠰᠢᠰᠲ᠋ᠧᠮ ᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠲᠠᠷᠢᠶᠠᠴᠢᠨ ᠡᠷᠦᠬᠡ ᠶᠢ | ᠬᠡᠷ ᠠᠴᠠ ᠪᠠᠨ ᠭᠠᠷᠬᠤ ᠥᠬᠡᠶ ᠪᠠᠷ ᠭᠠᠩ ᠬᠠᠭᠤᠷᠠᠶ᠂ ᠦᠶᠡᠷ ᠤᠰᠤᠲᠤᠯ᠂ ᠳᠣᠤᠷ᠎ᠠ ᠳᠤᠯᠠᠭᠠᠨ᠂ ᠬᠢᠷᠠᠭᠤ | ᠬᠥᠯᠳᠡᠭᠦᠤ ᠵᠡᠷᠭᠡ ᠭᠠᠶ ᠭᠠᠮᠰᠢᠭ ᠲᠠᠢ ᠴᠠᠭ ᠠᠭᠤᠷ ᠢ ᠬᠢᠨᠠᠨ ᠬᠡᠮᠵᠢᠵᠦ ᠪᠣᠯᠤᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠣᠯ ᠤᠰᠤ᠂ ᠰᠢᠷᠣᠶ᠂ ᠲᠠᠷᠢᠶ᠎ᠠ᠂ | ᠤᠢ ᠰᠢᠭᠤᠶ᠂ ᠵᠠᠮ ᠢ ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ᠂ ᠳᠤᠮᠳᠠ ᠳᠣᠣᠷ᠎ᠠ ᠤᠨᠠᠯᠲᠠ ᠲᠠᠢ ᠲᠠᠷᠢᠶᠠᠨ | ᠭᠠᠵᠠᠷ ᠢ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠲᠠᠢ | ᠪᠣᠯᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ | ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠲᠦᠴᠢᠦᠸᠠᠨ | ᠰᠢᠶᠠᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ | ᠲᠥᠰᠦᠯ ᠢᠶᠠᠨ ᠰᠢᠯᠢᠳᠡᠭᠵᠢᠭᠦᠯᠵᠦ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠲᠥᠷᠥᠯ ᠵᠦᠢᠯ ᠢ ᠳᠥᠯᠭᠢᠨ | ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ | ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ | ᠠᠬᠢᠭᠤᠯᠪᠠ᠃ | |