ᠮᠠᠨ ᠤ ᠠᠶᠢᠮᠠᠭ ᠲᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠦᠷᠢᠶᠡᠯᠡᠩ ᠨᠡᠮᠡᠭᠳᠡᠪᠡ
ᠨᠡᠶᠢᠲᠡᠯᠡᠭᠰᠡᠨ ᠴᠠᠭ᠄
2023/3/6
   3 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠠᠮᠲᠤᠷᠠᠨ ᠨᠡᠶᠢᠲᠡᠯᠡᠭᠰᠡᠨ ᠢᠶᠠᠷ᠂ ᠮᠠᠨ ᠤ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠦ ᠶᠢᠨ  ᠦᠢᠯᠡᠰ ᠤᠨ ᠠᠵᠤ  ᠦᠢᠯᠡᠰ ᠤᠨ ᠬᠦᠷᠢᠶᠡᠯᠡᠩ ᠠᠮᠵᠢᠯᠲᠠ ᠲᠠᠢ ᠪᠠᠷ ᠪᠠᠶᠢᠭᠤᠯᠤᠭᠳᠠᠪᠠ᠃
    ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠨᠢ  ᠴᠠᠷᠠᠰᠤᠨ᠂  ᠡᠷᠭᠡᠳᠦ  ᠪᠠᠯᠭᠠᠰᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠠᠶᠢᠮᠠᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠯᠭᠠᠯᠳᠤᠭᠰᠠᠨ ᠲᠣᠭᠤᠷᠢᠭ ᠢ ᠬᠠᠮᠤᠷᠪᠠ᠃ ᠶᠡᠷᠦᠩᠬᠡᠶ ᠲᠠᠯᠠᠪᠠᠶ ᠨᠢ 224.5 ᠲᠦᠮᠡᠨ ᠮᠥ ᠪᠠᠶᠢᠵᠤ᠂ ᠲᠥᠯᠥᠪᠯᠡᠭᠰᠡᠨ ᠶᠡᠷᠦᠩᠬᠡᠶ ᠪᠠᠯᠠ ᠣᠷᠣᠭᠤᠯᠤᠯᠲᠠ ᠨᠢ 34.14 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠶ᠋ᠯᠡᠰ ᠤᠨ ᠬᠦᠷᠢᠶᠡᠯᠡᠩ ᠢ ᠪᠥᠬᠦ ᠤᠯᠤᠰ ᠤᠨ  ᠰᠦ ᠶᠢᠨ ᠦᠢᠯᠡᠰ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠪ᠂ ᠵᠡᠭᠦᠨ ᠬᠤᠶᠢᠲᠤ ᠣᠷᠣᠨ ᠤ ᠰᠢᠵᠢᠷ ᠠᠯᠲᠠᠨ  ᠰᠦ ᠶᠢᠨ ᠢᠷᠡᠯᠲᠡ ᠶᠢᠨ ᠬᠠᠩᠭᠠᠯᠭ᠎ᠠ ᠶᠢᠨ ᠰᠠᠭᠤᠷᠢᠨ ᠭᠠᠵᠠᠷ ᠪᠠ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠤᠯᠠᠮᠵᠢᠯᠠᠯᠲᠤ ᠴᠠᠭᠠᠨ ᠢᠳᠡᠭᠡᠨ ᠤ   ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠬᠢᠩᠭᠠᠨ ᠤ ᠲᠠᠷᠢᠶᠠᠯᠠᠩ ᠮᠠᠯ ᠠᠵᠤ ᠠᠬᠤᠶ ᠶᠢᠨ ᠪᠢᠴᠢᠯ ᠮᠡᠳᠡᠭᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号