ᠬᠢᠩᠭᠠᠨ ᠠᠶᠢᠮᠠᠭ ᠤᠨ ᠬᠢᠨ 2023 ᠣᠨ ᠤ ᠠᠩᠬᠠᠳᠠᠭᠴᠢ ᠭᠡᠷ ᠤᠨ ᠭᠠᠳᠠᠨᠠᠬᠢ ᠲᠤᠮᠤ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠵᠦ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠵᠠᠢ
ᠨᠡᠶᠢᠲᠡᠯᠡᠭᠰᠡᠨ ᠴᠠᠭ᠄
2023/3/6
   3 ᠰᠠᠷ᠎ᠠ ᠶᠢᠨ 4 ᠤ ᠡᠳᠦᠷ᠂ 2023 ᠣᠨ ᠤ ᠬᠢᠩᠭᠠᠨ ᠠᠶᠢᠮᠠᠭ ᠤᠨ ᠠᠩᠬᠠᠳᠠᠭᠴᠢ ᠭᠡᠷ ᠤᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠤᠯᠠᠭᠠᠨᠬᠤᠲᠠ ᠳᠤ ᠬᠤᠷᠠᠯᠳᠤᠪᠠ᠃ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠶᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠠᠭᠠᠨᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ  ᠡᠮᠦᠨᠡᠳᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ ᠡᠷᠭᠢᠯᠡᠵᠦ᠂ ᠬᠢᠩᠭᠠᠨ ᠠᠶᠢᠮᠠᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠲᠤᠬᠠᠶ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠤᠯᠭᠤᠯᠳᠠ ᠶᠢᠨ ᠤᠷᠤᠯᠭ᠎ᠠ ᠶᠢᠨ ᠨᠡᠮᠡᠭᠳᠡᠯ ᠤᠨ ᠴᠢᠬᠤᠯᠠ ᠠᠷᠭ᠎ᠠ ᠶᠢ ᠯᠠᠪᠳᠠᠭᠤᠨ ᠪᠠᠳᠤᠲᠠᠢ ᠠᠬᠢᠭᠤᠯᠤᠨ᠎ᠠ᠃      ᠠᠶᠢᠮᠠᠭ ᠤᠨ ᠳᠣᠲᠣᠭᠠᠳᠤ ᠶᠢᠨ ᠠᠵᠤ ᠠᠬᠤᠶᠢᠯᠠᠯ ᠠᠴᠠ ᠭᠠᠳᠠᠨ᠎ᠠ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠪᠠᠰᠠ ᠤᠯᠤᠰ ᠤᠨ ᠡᠨᠧᠷᠭᠢ ᠶᠢᠨ ᠪᠦᠯᠦᠭᠯᠡᠯ ᠤᠨ ᠡᠳ᠋ ᠪᠣᠳᠠᠰ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠦᠯᠦᠭᠯᠡᠯ᠂ ᠨᠡᠶᠢᠰᠯᠡᠯ ᠤᠨ ᠨᠣᠮ ᠤᠨ ᠰᠠᠩ᠂ ᠲᠥᠪ ᠲᠧᠯᠸᠢᠰ ᠤᠨ ᠠᠷᠤ ᠲᠠᠯ᠎ᠠ ᠶᠢᠨ  ᠦᠢᠯᠡᠴᠢᠯᠡᠭᠡᠨ ᠤ ᠬᠥᠭᠵᠢᠯᠲᠡ ︵ᠪᠡᠭᠡᠵᠢᠩ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠭᠲᠠᠭᠠᠭᠰᠠᠨ ᠪᠡᠭᠡᠵᠢᠩ ᠮᠣᠩᠭᠤᠯ ᠤᠨ 42 ᠬᠠᠮᠵᠢᠯᠴᠠᠭᠠᠨ ᠤ ᠠᠵᠤ ᠠᠬᠤᠶᠢᠯᠠᠯ ᠬᠤᠷᠠᠯ ᠳᠤ ᠣᠷᠣᠯᠴᠠᠵᠤ᠂ ᠡᠩ ᠤᠨ ᠠᠵᠤ  ᠦᠢᠯᠡᠳᠪᠦᠷᠢ᠂ ᠠᠮᠤᠷ ᠢ ᠬᠠᠮᠠᠭᠠᠯᠠᠬᠤ᠂ ᠠᠵᠢᠯᠲᠠᠨ ᠤ ᠶᠠᠪᠤᠳᠠᠯ᠂ ᠪᠢᠴᠢᠭ ᠤᠨ ᠠᠵᠢᠯᠲᠠᠨ᠂ ᠡᠳ᠋ ᠤᠨ ᠶᠠᠪᠤᠳᠠᠯ ᠵᠡᠷᠭᠡ 1670 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃    ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠠᠶᠢᠮᠠᠭ ᠤᠨ ᠳᠣᠲᠣᠨ᠎ᠠ ᠭᠠᠳᠠᠨ᠎ᠠ ᠠᠴᠠ ᠢᠷᠡᠭᠰᠡᠨ 229 ᠠᠵᠤ ᠠᠬᠤᠶᠢᠯᠠᠯ ᠣᠷᠣᠯᠴᠠᠵᠤ᠂ 11230 ᠠᠵᠢᠯ ᠤᠨ ᠪᠠᠶᠢᠷᠢ ᠬᠠᠩᠭᠠᠵᠤ᠂ ᠰᠦᠯᠵᠢᠶᠡᠨ ᠭᠠᠳᠠᠨ᠎ᠠ ᠬᠤᠲᠠ ᠬᠥᠳᠡᠭᠡ ᠶᠢᠨ ᠡᠯ᠎ᠡ ᠲᠥᠷᠥᠯ ᠤᠨ ᠠᠵᠢᠯ ᠡᠷᠢᠭᠰᠡᠳ ᠢ ᠨᠡᠶᠢᠲᠡ 1 ᠲᠦᠮᠡ ᠭᠠᠷᠤᠶ ᠬᠥᠮᠦᠨ ᠤᠳᠠᠭ᠎ᠠ ᠲᠡᠳᠡᠨ ᠣᠷᠣᠭᠤᠯᠵᠤ ᠠᠵᠢᠯ ᠡᠷᠢᠭᠦᠯᠵᠦ᠂ ᠰᠦᠯᠵᠢᠶᠡᠨ ᠳᠡᠭᠡᠷ᠎ᠡ ︽ᠬᠢᠩᠭᠠᠨ ᠤ ᠠᠵᠢᠯ ᠣᠯᠭᠤᠯᠲᠠ︾ ᠶᠢᠨ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠤᠭᠰᠠᠨ︾ ᠬᠥᠮᠦᠨ ᠤ ᠲᠤᠭ᠎ᠠ 3 ᠲᠦᠮᠡ ᠰᠢᠬᠠᠮ ᠬᠥᠮᠦᠨ ᠤᠳᠠᠭ᠎ᠠ ᠳᠤ ᠬᠦᠷᠴᠦ᠂ ᠡᠴᠦᠰ ᠲᠡᠭᠡᠨ 1242 ᠠᠵᠢᠯ ᠤᠯᠬᠤ ᠬᠦᠰᠡᠯ ᠲᠠᠢ ᠪᠣᠯᠤᠭᠰᠠᠨ ᠪᠠᠶᠢᠨ᠎ᠠ᠃    ᠲᠤᠰ ᠤᠳᠠᠭᠠᠨ ᠤ ᠠᠵᠢᠯᠯᠠᠭ᠎ᠠ ᠨᠢ ᠬᠥᠮᠦᠨ ᠬᠡᠷᠡᠭᠯᠡᠬᠦ ᠨᠢᠭᠡᠴᠢ ᠪᠣᠯᠤᠨ ᠠᠵᠢᠯ ᠡᠷᠢᠭᠰᠡᠳ ᠲᠤ ᠬᠥᠳᠡᠯᠮᠦᠷᠢ ᠦᠢᠯᠡᠴᠢᠯᠡᠭᠡᠨ ᠤ ᠵᠣᠯᠭᠠᠯᠴᠠᠭ᠎ᠠ ᠶᠢᠨ ᠲᠠᠪᠴᠠᠩ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠶ᠂ ᠪᠠᠰᠠ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠬᠦ ᠳᠤ ᠠᠰᠢᠭᠲᠠᠢ ᠠᠵᠠ ᠲᠣᠬᠢᠶᠠᠯ ᠣᠯᠭᠤᠵᠤ᠂ ᠤᠷᠢᠵᠤ ᠡᠯᠰᠡᠬᠦ ᠣᠷᠣᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠡᠳᠦᠷ ᠤᠨ ᠬᠦᠴᠦᠨ ᠤ ᠠᠵᠢᠯ ᠣᠯᠭᠤᠯᠲᠠ ᠶᠢ ᠲᠠᠨᠢᠯᠴᠠᠭᠤᠯᠬᠤ ᠣᠷᠣᠨ᠂ ᠦᠢᠯᠡᠰ ᠪᠤᠰᠬᠠᠬᠤ ᠲᠦᠷᠦᠯ ᠵᠦᠢᠯ ᠢ ᠳᠡᠯᠭᠡᠨ ᠦᠵᠡᠭᠦᠯᠵᠦ ᠲᠠᠨᠢᠯᠴᠠᠭᠤᠯᠬᠤ ᠣᠷᠣᠨ᠂ ᠦᠢᠯᠡᠰ ᠪᠤᠰᠬᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠤ ᠲᠦᠷᠢᠶᠡᠰᠦᠨ ᠣᠷᠣᠨ ᠪᠣᠯᠤᠨ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠤᠬᠠᠭᠤᠯᠬᠤ ᠦᠢᠯᠡᠴᠢᠯᠡᠭᠡᠨ ᠤ ᠲᠣᠭᠤᠷᠢᠭ ᠢ ᠲᠤᠬᠢᠷᠠᠭᠤᠯᠵᠤ᠂ ᠤᠯᠠᠨ ᠲᠦᠮᠡᠨ ᠳᠤ ᠤᠯᠠᠨ ᠶᠠᠩᠵᠤ ᠶᠢᠨ ᠠᠵᠢᠯ ᠣᠯᠭᠤᠯᠲᠠ ᠶᠢᠨ ᠰᠣᠩᠭᠤᠯᠲᠠ ᠲᠠᠢ ᠪᠣᠯᠭᠠᠵᠤ᠂ ᠣᠷᠣᠯᠭ᠎ᠠ ᠶᠢᠨ ᠠᠷᠭ᠎ᠠ ᠵᠠᠮ ᠢ ᠨᠡᠮᠡᠭᠳᠡᠭᠦᠯᠵᠡᠢ᠃    ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠠᠵᠢᠯ ᠡᠷᠢᠭᠰᠡᠳ ᠲᠤ ᠠᠵᠢᠯ ᠣᠯᠭᠤᠬᠤ ᠳᠤ  ᠦᠢᠯᠡᠴᠢᠯᠡᠬᠦ ᠶᠢᠨ ᠲᠣᠭᠤᠷᠢᠨ ᠳᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ  ᠦᠢᠡᠯᠴᠢᠯᠡᠭᠡᠨ‌‍ᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠬᠦᠯᠵᠦ᠂  ᠦᠢᠡᠯᠴᠢᠯᠡᠭᠡᠨ ᠤ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠥᠳᠡᠯᠮᠦᠷᠢ  ᠦᠢᠯᠡᠴᠢᠯᠡᠭᠡ ᠶᠢ ᠵᠣᠯᠭᠠᠭᠤᠯᠬᠤ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠂ ᠬᠥᠳᠡᠯᠮᠦᠷᠢᠴᠢᠳ ᠤᠨ ᠴᠢᠨᠠᠷ ᠰᠠᠶᠢᠲᠠᠶ ᠪᠥᠭᠡᠳ ᠭᠦᠢᠴᠡᠳ ᠠᠵᠢᠯ ᠤᠯᠬᠤ ᠶᠢ ᠠᠬᠢᠭᠤᠯᠤᠨ᠎ᠠ᠃
 
ᠢᠷᠡᠯᠲᠡ᠄ ᠬᠢᠩᠭᠠᠨ ᠤ ᠠᠵᠢᠯ ᠣᠯᠭᠤᠯᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号