ᠵᠠᠯᠠᠶᠢᠳ ᠬᠤᠰᠢᠭᠤ ᠪᠣᠯᠤᠨ ᠱᠧᠨ ᠭᠤᠤ ᠯᠠᠨ ᠳ᠋ᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠲᠤᠬᠠᠢ ᠵᠣᠯᠭᠠᠯᠴᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/3/7
    3 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠱᠧᠨ ᠭᠤᠤ ᠯᠠᠨ ᠳ᠋ᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠢᠤᠸᠠᠢ ᠰᠢᠨ ᠴᠧᠩ ᠨᠡᠷ ᠬᠢᠩᠭᠠᠨ ᠠᠶᠢᠮᠠᠭ ᠲᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠵᠥᠪᠳᠡᠨ ᠶᠠᠷᠢᠯᠴᠠᠵᠠᠢ᠃    ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠾᠧ ᠸᠧᠶ ᠯᠢ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠯᠸᠢ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠵᠣᠣ ᠴᠢᠩ ᠰᠥᠩ᠂ ᠬᠥᠬᠡᠬᠤᠲᠠ ᠳᠤ ᠰᠠᠭᠤᠭ᠎ᠠ ᠠᠶᠢᠮᠠᠭ ᠤᠨ ᠠᠯᠪᠠᠨ ᠬᠡᠷ ᠤᠨ ᠡᠷᠬᠢᠯᠡᠭᠴᠢ ᠸᠠᠩ ᠵᠢᠶᠠᠨ ᠴᠧᠩ᠂ ᠵᠠᠯᠠᠶᠢᠳ ᠬᠤᠰᠢᠭᠤᠨ ᠤ ᠤᠳᠤᠷᠢᠳᠤᠯᠭ᠎ᠠ ᠰᠦᠨ ᠰᠢᠩ ᠢᠦᠶ᠂ ᠴᠧᠨ ᠬᠠᠶ ᠱᠠᠨ᠂ ᠮᠠᠨ ᠱᠦᠶ ᠯᠦᠩ ᠬᠤᠷᠠᠯ ᠳᠤ ᠣᠷᠣᠯᠴᠠᠪᠠ᠃    ᠾᠧ ᠸᠧᠶ ᠯᠢ ᠵᠢᠭᠠᠵᠤ ᠭᠠᠷᠭᠠᠭᠰᠠᠨ ᠨᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠲᠣᠰ ᠺᠣᠮᠫᠠᠨᠢ ᠲᠠᠢ ᠬᠠᠮᠲᠤᠷᠠᠯᠴᠠᠭ᠎ᠠ ᠬᠢᠬᠦ ᠶᠢ ᠬᠦᠰᠡᠵᠦ ᠪᠠᠶᠢᠨ᠎ᠠ᠂ ᠵᠠᠯᠠᠶᠢᠳ ᠬᠤᠰᠢᠭᠤᠨ ᠤ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ  ᠰᠢᠢᠳᠪᠦᠷᠢᠯᠡᠬᠦ ᠠᠮᠢ ᠠᠬᠤᠶ ᠶᠢᠨ ᠰᠢᠨ᠎ᠡ ᠵᠠᠭᠪᠤᠷ ᠢ ᠰᠦᠪᠡᠭᠴᠢᠯᠡᠨ ᠠᠬᠢᠭᠤᠯᠬᠤ ᠶᠢ ᠢᠳᠡᠪᠬᠢᠲᠡᠶ ᠳᠡᠮᠵᠢᠵᠦ᠂ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠂ ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠠᠰᠢᠭ ᠭᠥᠷᠳᠡᠬᠦ ᠶᠢ ᠡᠷᠲᠡᠬᠡᠨ ᠪᠡᠶᠡᠯᠡᠭᠦᠯᠦᠨ᠎ᠡ ᠭᠡᠵᠡᠶ᠃    ᠰᠦᠨ ᠰᠢᠩ ᠢᠦᠶ ᠢᠯᠡᠷᠬᠡᠶᠢᠯᠡᠬᠦ ᠳᠡᠭᠡᠨ᠂ ᠵᠠᠯᠠᠶᠢᠳ ᠬᠤᠰᠢᠭᠤᠨ ᠤ ᠬᠢᠨ ᠲᠥᠷᠥᠯ ᠵᠦᠢᠯ ᠤᠨ  ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠤᠨ᠂ ᠲᠥᠷᠥᠯ  ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠢ ᠲᠦᠷᠭᠡᠬᠡᠨ ᠲᠣᠭᠲᠠᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠠᠮᠲᠤ ᠪᠠᠷ ᠳᠥᠯᠭᠢᠨ ᠠᠬᠢᠭᠤᠯᠤᠨ᠎ᠠ ᠭᠡᠵᠡᠶ᠃    ᠬᠤᠶᠠᠷ ᠲᠠᠯ᠎ᠠ ᠪᠠᠷ ᠢᠶᠠᠨ ᠪᠠᠰᠠ ᠠᠮᠢᠳᠤ ᠪᠣᠳᠠᠰ ᠤᠨ ᠮᠠᠰ ᠢᠶᠠᠷ ᠪᠣᠬᠢᠷᠲᠤᠯ ᠦᠭᠡᠢ ᠠᠭᠠᠷ ᠤᠨ ᠠᠶᠠᠯᠠᠯ ᠤᠨ ᠳᠤᠰᠤᠨ ᠤ ᠲᠦᠷᠦᠯ ᠵᠦᠢᠯ᠂ ᠬᠤᠭᠤᠯᠠᠨ ᠭᠡᠷ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠦᠷᠦᠯ ᠵᠦᠢᠯ ᠤᠨ ᠬᠠᠮᠲᠤᠷᠠᠯᠴᠠᠭᠠᠨ ᠤ ᠲᠠᠯ᠎ᠠ ᠪᠠᠷ ᠭᠦᠨᠵᠡᠭᠡᠢ ᠰᠣᠯᠢᠯᠴᠠᠵᠠᠢ᠃    
 
ᠢᠷᠡᠯᠲᠡ᠄ ᠵᠠᠯᠠᠶᠢᠳ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号