ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/7
    3 ᠰᠠᠷ᠎ᠠ ᠶᠢᠨ 4 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠷᠠᠯ ᠡᠷᠭᠢᠯᠡᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠨᠠᠮ ᠤᠨ ᠲᠥᠪ ᠬᠤᠷᠢᠶᠠᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠭᠤᠤᠯᠳᠠᠯᠭ᠎ᠠ ᠪᠠᠨ ᠲᠥᠪᠯᠡᠷᠡᠭᠦᠯᠦᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠲᠠᠯ᠎ᠠ ᠪᠠᠷ ᠲᠠᠰ ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠤ ᠪᠥᠬᠦ ᠲᠠᠯ᠎ᠠ ᠪᠠᠷ ᠳᠠᠪᠰᠢᠬᠤ᠂ ᠮᠠᠯᠴᠢᠨ ᠲᠠᠷᠢᠶᠠᠴᠢᠨ ᠤ ᠪᠥᠬᠦ ᠲᠠᠯ᠎ᠠ ᠪᠠᠷ ᠬᠥᠭᠵᠢᠬᠦ ᠶᠢ ᠳᠥᠯᠭᠢᠨ ᠠᠬᠢᠭᠤᠯᠬᠤ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠢ ᠦᠵᠡᠬᠦ ᠶᠢ ᠪᠠᠷᠢᠮᠲᠠᠯᠠᠵᠤ᠂ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠰᠢᠨ᠎ᠡ ᠬᠥᠭᠵᠢᠯᠲᠡ ᠶᠢᠨ ᠱᠠᠲᠤᠨ ᠤ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠠᠵᠢᠯ ᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠥᠷᠢᠰᠥᠯᠳᠦᠭᠡᠨ ᠢ ᠪᠦᠲᠦᠮᠵᠢᠲᠡᠢ ᠠᠷᠭᠠᠴᠠᠵᠤ᠂ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠥᠷᠢᠯᠡᠵᠦ᠂ ᠪᠦᠬᠦ ᠬᠤᠰᠢᠭᠤᠨ ᠤ ᠬᠦᠴᠦᠨ ᠢ ᠳᠠᠶᠢᠴᠢᠯᠠᠨ ᠮᠠᠯ ᠠᠵᠤ ᠠᠬᠤᠢ ᠲᠠᠷᠢᠶᠠᠯᠠᠩ ᠤᠨ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ᠂ ᠮᠠᠯᠵᠢᠬᠤ ᠲᠠᠷᠢᠶᠠᠯᠠᠬᠤ ᠣᠷᠣᠨ ᠰᠠᠭᠤᠷᠢᠰᠢᠬᠤ ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ  ᠪᠠᠶᠢᠬᠤ ᠶᠢ ᠠᠬᠢᠭᠤᠯᠬᠤ ᠬᠡᠷᠡᠭᠲᠡᠢ  ᠭᠡᠪᠡ᠃    ᠬᠤᠷᠠᠯ ᠠᠴᠠ  ᠴᠢᠩᠭᠠᠳᠬᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠲᠠᠩᠰᠠ ᠶᠢᠨ ︽ᠲᠦᠷᠦᠯ ᠵᠦᠢᠯᠴᠢᠯᠡᠨ ᠬᠠᠮᠢᠶᠠᠷᠴᠤ᠂ ᠨᠠᠷᠢᠨ ᠲᠠᠩᠰᠠ ᠶᠢᠨ ᠬᠡᠯᠪᠡᠷᠢ ᠪᠠᠷ ᠠᠬᠢᠭᠤᠯᠬᠤ︾ ᠶᠢ ᠦᠨᠳᠦᠰᠦᠯᠡᠵᠦ᠂ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠤᠨ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠭᠤᠣᠯᠳᠠᠯᠭ᠎ᠠ ᠶᠢ ᠲᠤᠪᠤᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠭᠲᠠᠭᠰᠠᠨ ᠬᠠᠷᠠᠯᠲᠠ ᠶᠢᠨ ᠡᠭᠦᠷᠭᠡ ᠶᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠠᠵᠢᠯ ᠤᠨ ᠪᠠᠶᠢᠷᠢ ᠪᠠ ᠬᠥᠮᠦᠨ ᠳᠤ ᠬᠦᠷᠲᠡᠯ᠎ᠡ ᠵᠠᠳᠠᠯᠤᠨ ᠨᠠᠷᠢᠯᠢᠬᠵᠢᠭᠤᠯᠵᠤ᠂ ᠨᠢᠭᠡ ᠨᠢᠭᠡ ᠪᠠᠷ ᠢᠶᠠᠨ ᠭᠦᠢᠴᠡᠳᠭᠡᠯ ᠲᠤᠭ᠎ᠠ᠂ ᠨᠢᠭᠡ ᠨᠢᠭᠡ ᠪᠠᠷ ᠢᠶᠠᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤᠨ ᠨᠠᠮ ᠤᠨ ᠬᠤᠷᠢᠶ᠎ᠠ᠂ ᠬᠤᠰᠢᠭᠤᠨ  ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠱᠠᠲᠤ ᠱᠠᠲᠤ ᠪᠠᠷ ᠳᠠᠷᠤᠯᠲᠠ ᠶᠢ ᠳᠠᠮᠵᠢᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠩ ᠡᠷᠡᠰ ᠴᠢᠩᠭ᠎ᠠ ᠣᠪᠣᠷ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠣᠳᠣᠬᠠᠨ ᠤ ᠮᠠᠯᠵᠢᠬᠤ ᠲᠠᠷᠢᠶᠠᠯᠠᠬᠤ ᠣᠷᠣᠨ ᠤ ᠡᠯ᠎ᠡ  ᠵᠦᠢᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ  ᠭᠡᠪᠡ᠃    
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号