ᠬᠢᠩᠭᠠᠨ ᠠᠶᠢᠮᠠᠭ ᠤᠨ ᠠᠵᠤ ᠠᠬᠤᠶᠢᠯᠠᠯ ᠪᠣᠯᠤᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠳᠠᠬᠢᠨᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠦᠷᠦᠯ ᠵᠦᠢᠯ ᠤᠨ ᠰᠦᠯᠵᠢᠶᠡᠨ ᠳᠡᠭᠡᠷᠡᠬᠢ ᠭᠡᠷ᠎ᠡ ᠲᠣᠭᠲᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/3/7
    ᠬᠢᠩᠭᠠᠨ ᠠᠶᠢᠮᠠᠭ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ᠰᠢᠭᠦᠯᠦᠨ ᠪᠣᠯᠪᠠᠰᠤᠷᠠᠭᠤᠯᠬᠤ ᠰᠤᠳᠤᠯᠭᠠᠨ ᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠬᠦ ᠶᠢᠨ ᠲᠥᠯᠥᠭᠡ᠂ 3 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠠᠵᠤ ᠠᠬᠤᠶᠢᠯᠠᠯ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠤᠨ ᠰᠦᠯᠵᠢᠶᠡᠨ ᠳᠡᠭᠡᠷᠡᠬᠢ ᠭᠡᠷ᠎ᠡ ᠲᠣᠭᠲᠠᠬᠤ ᠬᠤᠷᠠᠯ ᠬᠢᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠤᠳᠤᠯᠭᠠᠨ ᠤ ᠭᠠᠵᠠᠷ ᠤᠨ ᠨᠠᠮ ᠤᠨ ᠬᠤᠷᠢᠶᠠᠨ ᠤ ᠳᠡᠳ᠋ ᠱᠦᠵᠢ᠂ ᠰᠤᠳᠤᠯᠭᠠᠨ ᠤ ᠭᠠᠵᠠᠷ ᠤᠨ ᠳᠠᠷᠤᠭ᠎ᠠ ᠸᠠᠩ  ᠹᠧᠩ ᠵᠥᠩ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠾᠧ ᠸᠧᠶ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠴᠢᠩ ᠰᠥᠩ ᠬᠤᠷᠠᠯ ᠢ ᠡᠷᠭᠢᠯᠡᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠯᠸᠢ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠤᠨ ᠰᠤᠳᠤᠯᠭᠠᠨ ᠤ ᠭᠠᠵᠠᠷ ᠤᠨ ᠬᠠᠮᠢᠶ᠎ᠠ ᠪᠥᠬᠦᠶ ᠨᠥᠬᠦᠳ ᠵᠢᠴᠢ ᠬᠢᠩᠭᠠᠨ ᠠᠶᠢᠮᠠᠭ ᠤᠨ ᠠᠵᠤ ᠠᠬᠤᠶᠢᠯᠠᠯᠲᠠᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠬᠢᠩᠭᠠᠨ ᠠᠶᠢᠮᠠᠭ ᠤᠨ ᠶᠢᠨ ᠺᠧᠦ ᠸᠧᠢ ᠢᠳᠡᠭᠡᠨ ᠤ ᠬᠢᠵᠠᠭᠠᠷᠲᠤ ᠺᠣᠮᠫᠠᠨᠢ᠂ ᠵᠢᠶᠠ ᠾᠧ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠬᠤᠸᠠᠨ ᠶᠤᠸᠠᠨ ᠠᠮᠢᠳᠤ ᠪᠣᠳᠠᠰ ᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠺᠣᠮᠫᠠᠨᠢ᠂ ᠲᠢᠶᠠᠨ ᠷᠦᠨ ᠲᠠᠷᠢᠶᠠᠯᠠᠩ ᠮᠠᠯ ᠠᠵᠤ ᠠᠬᠤᠶ ᠶᠢᠨ ᠶᠠᠳᠠᠭᠤ ᠶᠢ ᠲᠡᠳᠬᠦᠬᠦ ᠬᠥᠭᠵᠢᠭᠦᠯᠦᠯᠲᠡ ᠶᠢᠨ ᠺᠣᠮᠫᠠᠨᠢ᠂  ᠲᠡᠮᠦᠨ ᠲᠠᠯ᠎ᠠ ᠶᠢᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠲᠤᠰᠬᠠᠶ ᠬᠤᠷᠰᠢᠶ᠎ᠠ ᠵᠡᠷᠭᠡ 10 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠣᠯᠪᠠᠰᠤᠷᠠᠭᠤᠯᠬᠤ ᠭᠠᠵᠠᠷ ᠤᠨ 4 ᠲᠤᠰᠬᠠᠶ ᠮᠡᠷᠭᠡᠵᠢᠯᠲᠡᠨ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠢᠳᠡᠭᠡᠨ ᠤ ᠴᠢᠨᠠᠷ ᠢ ᠪᠠᠲᠤᠯᠠᠬᠤ ᠬᠤᠭᠤᠴᠠᠭ᠎ᠠ ᠶᠢ ᠤᠷᠲᠤᠳᠬᠠᠬᠤ᠂ ᠬᠥᠯᠳᠡᠭᠡᠵᠦ ᠬᠠᠳᠠᠭᠠᠭᠰᠠᠨ ᠭᠦᠵᠡᠯᠵᠡᠭᠡᠨ᠎ᠡ ᠪᠠ ᠢᠳᠡᠰᠢᠨ ᠨᠣᠭᠤᠭ᠎ᠠ ᠶᠢᠨ ᠤᠷᠢᠳᠴᠢᠯᠠᠨ ᠬᠢᠭᠰᠡᠨ ᠨᠣᠭᠤᠭ᠎ᠠ ᠶᠢᠨ ᠮᠡᠷᠭᠡᠵᠢᠯ᠂ ᠵᠢᠮᠢᠰ ᠨᠣᠭᠤᠭ᠎ᠠ ᠪᠣᠯᠪᠠᠰᠤᠷᠠᠭᠤᠯᠬᠤ ᠮᠡᠷᠭᠡᠵᠢᠯ᠂ ᠢᠳᠡᠰᠢᠨ ᠨᠣᠭᠤᠭ᠎ᠠ ᠶᠢᠨ ᠦᠷ᠎ᠡ ᠶᠢᠨ ᠲᠣᠰᠣ ᠰᠢᠬᠠᠬᠤ᠂ ᠬᠡᠤᠬᠡᠯᠳᠡᠶ ᠬᠤᠷᠣᠬᠠᠶ ᠡᠪᠡᠰᠦ ᠶᠢ ᠰᠤᠳᠤᠯᠤᠨ ᠨᠡᠭᠡᠭᠡᠬᠦ ᠪᠠ ᠲᠠᠬᠢᠶᠠᠨ ᠥᠨᠳᠡᠭᠡ᠂ ᠲᠠᠬᠢᠶᠠᠨ ᠮᠢᠬ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠪᠡ᠃    ᠠᠶᠢᠮᠠᠭ ᠤᠨ ᠳᠡᠳ᠋ ᠳᠠᠷᠤᠭ᠎ᠠ ᠡᡁᠧ ᠸᠧᠢ ᠯᠢ ᠵᠢᠭᠠᠵᠤ ᠭᠠᠷᠭᠠᠭᠰᠠᠨ ᠨᠢ᠂ ᠬᠢᠩᠭᠠᠨ ᠠᠶᠢᠮᠠᠭ ᠤᠨ ᠬᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠭᠰᠠᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠤᠨ ᠢᠶᠠᠨ ᠲᠣᠭᠤᠷᠢᠨ ᠳᠤ ᠲᠤᠬᠢᠷᠠᠯᠴᠠᠬᠤ ᠴᠡᠭ ᠢᠶᠠᠨ ᠬᠠᠷᠠᠭᠠᠯᠠᠨ ᠠᠯᠢ ᠤᠯᠠᠨ ᠦᠷ᠎ᠡ ᠪᠦᠲᠦᠮᠵᠢᠲᠡᠢ ᠬᠠᠮᠲᠤᠷᠠᠯᠴᠠᠭ᠎ᠠ ᠥᠷᠨᠢᠭᠦᠯᠵᠡᠢ᠃ ᠲᠤᠰ ᠤᠳᠠᠭ᠎ᠠ ᠶᠢᠨ ᠭᠡᠷ᠎ᠡ ᠲᠣᠭᠲᠠᠭᠰᠠᠨ ᠨᠢ ᠮᠠᠨ ᠤ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠤᠨ ᠤᠯᠠᠮ ᠨᠢᠭᠡ ᠠᠯᠬᠤᠮ ᠤᠨ ᠳᠡᠭᠡᠭᠰᠢᠯᠡᠯᠲᠡ ᠪᠣᠯᠬᠤ ᠪᠥᠭᠡᠳ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠮᠡᠷᠭᠡᠵᠢᠯ ᠤᠨ ᠳᠠᠪᠠᠭᠤᠯᠢᠭ ᠪᠣᠯᠤᠨ ᠬᠢᠩᠭᠠᠨ ᠠᠶᠢᠮᠠᠭ ᠤᠨ ᠡᠬᠢ ᠪᠠᠶᠠᠯᠢᠭ ᠤᠨ ᠳᠠᠪᠠᠭᠤᠯᠢᠭ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠠᠷᠢᠯᠴᠠᠨ ᠨᠥᠬᠦᠪᠥᠷᠢᠯᠡᠵᠦ ᠬᠠᠷᠢᠯᠴᠠᠨ ᠠᠰᠢᠭᠲᠠᠢ ᠪᠠᠶᠢᠬᠤ᠂ ᠬᠠᠮᠲᠤᠪᠠᠷ ᠳᠡᠭᠡᠭᠰᠢᠯᠡᠬᠦ ᠶᠢ ᠪᠡᠶᠡᠯᠡᠭᠦᠯᠬᠦ ᠨᠢ ᠯᠠᠪᠲᠠᠢ ᠶᠤᠮ᠃ ᠡᠨᠡ ᠤᠳᠠᠭ᠎ᠠ ᠶᠢᠨ ᠬᠠᠮᠲᠤᠷᠠᠯᠴᠠᠭ᠎ᠠ ᠨᠢ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠨᠡᠩ ᠤᠯᠠᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠤᠨ ᠬᠤᠪᠢᠷᠠᠭᠤᠯᠵᠤ᠂ ᠬᠢᠩᠭᠠᠨ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠪᠡ᠃    ᠰᠤᠳᠤᠯᠭᠠᠨ ᠤ ᠭᠠᠵᠠᠷ ᠤᠨ ᠳᠠᠷᠤᠭ᠎ᠠ ᠸᠠᠩ ᠹᠧᠩ ᠵᠦᠩ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠬᠢᠨ ᠬᠢᠩᠭᠠᠨ ᠠᠶᠢᠮᠠᠭ ᠲᠠᠢ ᠬᠠᠮᠲᠤᠷᠠᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ ᠶᠢᠨ ᠵᠣᠷᠢᠯᠭ᠎ᠠ ᠪᠣᠯ ᠵᠣᠯᠭᠠᠯᠴᠠᠭ᠎ᠠ ᠶᠢᠨ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠬᠦ ᠶᠢᠨ ᠲᠥᠯᠥᠭᠡ ᠶᠤᠮ᠂ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠬᠢᠨ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠡᠭᠦᠷᠭᠡ ᠶᠢ ᠴᠢᠩᠭ᠎ᠠ ᠵᠢᠷᠤᠮᠯᠠᠨ᠂ ᠬᠤᠷᠰᠢᠬᠰᠠᠨ ᠠᠵᠤ ᠠᠬᠤᠶᠢᠯᠠᠯ ᠲᠠᠢ ᠳᠤᠮᠳᠠ ᠵᠡᠷᠭᠡ ᠶᠢᠨ ᠲᠤᠷᠰᠢᠯᠲᠠ ᠶᠢᠨ ᠰᠠᠭᠤᠷᠢᠨ ᠢ ᠲᠦᠷᠭᠡᠨ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠰᠢᠨ᠎ᠡ ᠦᠢᠯᠡᠳᠬᠦᠨ᠂ ᠰᠢᠨ᠎ᠡ ᠤᠷᠠᠯᠠᠯ᠂ ᠰᠢᠨ᠎ᠡ ᠦᠷ᠎ᠡ ᠪᠦᠲᠦᠭᠡᠯ ᠢ ᠲᠦᠷᠭᠡᠨ ᠪᠤᠢ ᠪᠣᠯᠭᠠᠬᠤ ᠶᠢᠨ ᠲᠥᠯᠥᠭᠡ ᠶᠤᠮ᠃ ᠡᠭᠦᠨ ᠤ ᠬᠠᠮᠲᠤ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠢᠩᠭᠠᠨ ᠠᠶᠢᠮᠠᠭ ᠤᠨ ᠤᠳᠤ ᠦᠶ᠎ᠡ ᠶᠢᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠬᠡᠷ ᠬᠤᠨᠢᠨ ᠮᠢᠬ᠎ᠠ᠂ ᠴᠠᠭᠠᠨ ᠢᠳᠡᠭᠡᠨ᠂ ᠠᠮᠤ ᠳᠤᠰᠤ᠂ ᠵᠢᠮᠢᠰ ᠨᠣᠭᠤᠭ᠎ᠠ ᠪᠣᠯᠤᠨ ᠴᠢᠳᠠᠪᠬᠢᠳᠦ ᠢᠳᠡᠭᠡᠨ ᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠶᠢᠨ ᠲᠣᠭᠤᠷᠢᠨ ᠳᠤ ᠪᠣᠳᠠᠲᠠᠢ ᠬᠠᠮᠲᠤᠷᠠᠯᠴᠠᠭ᠎ᠠ ᠥᠷᠨᠢᠭᠦᠯᠵᠦ᠂ ᠠᠵᠤ ᠦᠢᠯᠡᠰ ᠤᠨ ᠬᠦᠷᠢᠶᠡᠯᠡᠩ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠠᠵᠤ ᠠᠬᠤᠶᠢᠯᠠᠯ ᠤᠨ ᠨᠡᠪᠴᠢᠭᠦᠯᠬᠦ ᠲᠥᠪ᠂ ᠴᠢᠬᠤᠯᠠ ᠡᠯᠧᠮᠧᠨ᠋ᠲ ᠤᠨ ᠠᠭᠤᠰᠤᠯᠴᠠᠯ ᠤᠨ ᠥᠨᠳᠦᠷᠯᠢᠭ ᠭᠠᠵᠠᠷ ᠪᠣᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ  ᠭᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠭᠡᠷ᠎ᠡ ᠲᠣᠭᠲᠠᠬᠤ ᠬᠤᠷᠠᠯ ᠪᠣᠯ ᠬᠢᠩᠭᠠᠨ ᠠᠶᠢᠮᠠᠭ ᠤᠨ ᠠᠵᠤ ᠠᠬᠤᠶᠢᠯᠠᠯ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠡᠷᠭᠢᠯᠡᠭᠰᠡᠨ ᠬᠤᠶᠠᠳᠤᠭᠠᠷ ᠤᠳᠠᠭᠠᠨ ᠤ ᠲᠥᠪᠯᠡᠷᠡᠭᠦᠯᠦᠨ ᠭᠡᠷ᠎ᠡ ᠲᠣᠭᠲᠠᠬᠤ ᠬᠤᠷᠠᠯ ᠪᠠᠶᠢᠵᠤ᠂ ᠨᠡᠶᠢᠲᠡ 10 ᠲᠥᠷᠥᠯ ᠵᠦᠢᠯ ᠤᠨ ᠭᠡᠷ᠎ᠡ ᠲᠣᠭᠲᠠᠪᠠ᠃ ᠠᠳᠡ ᠬᠦᠷᠦᠭᠡᠳ ᠬᠢᠩᠭᠠᠨ ᠠᠶᠢᠮᠠᠭ ᠤᠨ ᠠᠵᠤ ᠠᠬᠤᠶᠢᠯᠠᠯ ᠬᠢᠭᠡᠳ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠭᠡᠷ᠎ᠡ ᠲᠣᠭᠲᠠᠭᠰᠠᠨ ᠲᠥᠷᠥᠯ  ᠵᠦᠢᠯ ᠤᠨ ᠶᠡᠷᠦᠩᠬᠡᠶ ᠲᠤᠭ᠎ᠠ ᠨᠢᠭᠡᠨᠲᠡ 16 ᠪᠣᠯᠵᠣ᠂ 36 ᠲᠥᠷᠥᠯ ᠵᠦᠢᠯ ᠢ ᠨᠥᠭᠡᠴᠡᠯᠡᠨ ᠬᠠᠳᠠᠭᠠᠯᠠᠵᠤ ᠪᠣᠶ᠃ ᠪᠢᠳᠡ ᠨᠢᠭᠡᠨᠲᠡ ᠭᠡᠷ᠎ᠡ ᠲᠣᠭᠲᠠᠭᠰᠠᠨ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠨᠥᠭᠡᠴᠡᠯᠡᠬᠦ ᠲᠦᠷᠦᠯ ᠵᠦᠢᠯ ᠢ ᠲᠦᠷᠭᠡᠨ ᠬᠠᠮᠲᠤᠷᠠᠯᠴᠠᠵᠤ᠂ ᠬᠢᠩᠭᠠᠨ ᠠᠶᠢᠮᠠᠭ ᠤᠨ ᠠᠵᠤ ᠠᠬᠤᠶᠢᠯᠠᠯ ᠪᠣᠯᠤᠨ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠨᠡᠩ ᠭᠦᠨ ᠳᠠᠪᠬᠤᠷᠭ᠎ᠠ᠂ ᠨᠡᠩ ᠤᠯᠠᠨ ᠬᠦᠷᠢᠶ᠎ᠡ ᠲᠡᠰᠢ ᠠᠬᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠩᠭᠠᠨ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠠᠰᠤᠷᠠᠯᠲᠠ ᠦᠭᠡᠢ ᠲᠤᠯᠭᠠᠭᠤᠷᠢᠯᠠᠨ᠎ᠠ᠃    
 
ᠢᠷᠡᠯᠲᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号