ᠷᠠᠰᠢᠶᠠᠨ ᠬᠤᠲᠠ ᠭᠤᠣᠯᠳᠠᠯᠭ᠎ᠠ ᠲᠠᠢ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/3/8
   3 ᠰᠠᠷ᠎ᠠ ᠶᠢᠨ 6 ᠤ ᠡᠳᠦᠷ᠂ ᠷᠠᠰᠢᠶᠠᠨ ᠬᠤᠲᠠ ᠭᠤᠣᠯᠳᠠᠯᠭ᠎ᠠ ᠲᠠᠢ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠷᠠᠰᠢᠶᠠᠨ ᠭᠤᠣᠯ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠳᠡᠭᠡᠭᠰᠢᠯᠡᠭᠦᠯᠬᠦ᠂ ᠵᠡᠭᠡᠯᠢ ᠭᠤᠳᠤᠮᠵᠢ ᠶᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠥᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠸᠠᠩ ᠲᠢᠶᠠᠨ ᠹᠧᠩ ᠬᠤᠷᠠᠯ ᠢ ᠡᠷᠭᠢᠯᠡᠵᠦ᠂ ᠵᠥᠩ ᠲᠢᠶᠠᠨ ᠵᠢᠷᠤᠭ ᠲᠥᠯᠥᠪᠯᠡᠭᠡᠨ ᠤ ᠺᠣᠮᠫᠠᠨᠢ᠂ ᠵᠢᠶᠠᠩᠰᠤ ᠶᠢᠨ ᠵᠦ ᠰᠧᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠬᠢᠵᠠᠭᠠᠷᠲᠤ ᠺᠣᠮᠫᠠᠨᠢ᠂ ᠱᠠᠩᠬᠠᠢ ᠶᠢᠨ ᠱᠢ ᠢᠦᠢ ᠶᠣᠣ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠤᠲᠠ ᠶᠢᠨ ᠤᠳᠤᠷᠢᠳᠤᠯᠭ᠎ᠠ ᠶᠠᠩ ᠪᠦᠦ ᠲᠢᠶᠠᠨ᠂ ᠵᠣᠣ ᠫᠧᠩ ᠴᠢ᠂ ᠼᠠᠢ ᠵᠢᠶᠠᠨ ᠴᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠡ᠃    ᠬᠤᠷᠠᠯ ᠠᠴᠠ᠂ ᠲᠦᠷᠦᠯ ᠵᠦᠢᠯ ᠢ ᠴᠢᠩᠭᠠᠳᠬᠠᠬᠤ ᠪᠣᠯ ᠳᠠᠷᠤᠢ ᠬᠥᠭᠵᠢᠯᠲᠡ ᠶᠢ ᠴᠢᠩᠭᠠᠳᠬᠠᠵᠤ ᠪᠠᠶᠢᠭ᠎ᠠ ᠶᠠᠪᠤᠳᠠᠯ ᠪᠣᠯᠣᠨ᠎ᠠ᠂ ᠥᠨᠳᠥᠷ ᠪᠠᠷᠢᠮᠵᠢᠶ᠎ᠠ ᠪᠠᠷ ᠳᠤᠮᠳᠠᠳᠤ ᠤᠯᠤᠰ ︽ᠷᠠᠰᠢᠶᠠᠨ︾ ᠵᠤᠭᠠᠴᠠᠯ ᠤᠨ ᠶᠡᠭᠡ ᠬᠤᠷᠠᠯ ᠢ ᠳᠠᠭᠠᠭᠠᠴᠢᠯᠠᠨ ᠡᠷᠬᠢᠯᠡᠬᠦ ᠪᠠᠷ ᠭᠤᠣᠯ ᠪᠣᠯᠭᠠᠵᠤ᠂ ᠲᠣᠭᠲᠠᠭᠰᠠᠨ ᠬᠤᠭᠤᠴᠠᠭᠠᠨ ᠳᠤ ᠤᠯᠤᠰ ᠤᠨ ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠪᠠᠶᠢᠭᠤᠯᠬᠤ ᠪᠠᠷ ᠭᠠᠷᠳᠠᠴᠠ ᠪᠣᠯᠭᠠᠨ᠂ ︽ᠪᠠᠭ᠎ᠠ ᠥᠭᠡᠷᠡᠴᠢᠯᠡᠯᠲᠡ ᠬᠢᠬᠦ᠂ ᠳᠤᠲᠠᠭᠤᠳᠠᠯ ᠢ ᠨᠥᠬᠦᠪᠦᠷᠢᠯᠡᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠮᠡᠭᠳᠡᠭᠦᠯᠬᠦ︾ ᠵᠠᠷᠴᠢᠮ ᠶᠤᠰᠣᠭᠠᠷ᠂ ᠡᠯ᠎ᠡ ᠲᠦᠷᠦᠯ ᠤᠨ ᠲᠦᠷᠦᠯ ᠵᠦᠢᠯ ᠤᠨ ᠲᠥᠰᠥᠯ ᠢ ᠲᠦᠷᠭᠡᠳᠭᠡᠨ ᠲᠡᠭᠦᠯᠳᠡᠷᠵᠢᠭᠦᠯᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠤ᠂ ᠲᠦᠷᠦᠯ ᠵᠦᠢᠯ ᠢ ᠪᠠᠶᠢᠭᠤᠯᠤᠮᠠᠭᠴᠠ ᠠᠰᠢᠭᠯᠠᠯᠲᠠ ᠳᠤ ᠣᠷᠣᠭᠤᠯᠵᠤ᠂ ᠰᠣᠳᠣᠨ ᠪᠦᠲᠦᠭᠡᠯ ᠢ ᠪᠦᠲᠦᠭᠡᠬᠦ ᠶᠢ ᠪᠠᠲᠤᠯᠠᠬᠤ ᠬᠡᠷᠡᠭᠲᠡᠢ᠃ ᠷᠠᠰᠢᠶᠠᠨ ᠭᠤᠣᠯ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠳᠡᠭᠡᠭᠰᠢᠯᠡᠭᠦᠯᠬᠦ ᠲᠥᠷᠥᠯ ᠵᠦᠢᠯ ᠳᠤ ᠴᠢᠭᠯᠡᠭᠦᠯᠦᠨ᠂ ᠬᠦᠷᠬᠢᠷ᠎ᠡ᠂ ᠰᠣᠯᠣᠩᠭᠠᠨ ᠬᠥᠭᠦᠷᠭᠡ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ ᠵᠦᠢᠯ ᠲᠠᠢ ᠭᠦᠨᠵᠡᠭᠡᠢ ᠠᠭᠤᠰᠤᠯᠴᠠᠭᠤᠯᠤᠨ᠂ ᠷᠧ ᠯᠢ MALL ᠲᠠᠷᠢᠶᠠᠯᠠᠩ ᠤᠨ ᠰᠢᠨ᠎ᠡ ᠶᠢ ᠡᠭᠦᠳᠬᠦ ᠠᠮᠲᠠᠲᠤ ᠢᠳᠡᠭᠡᠨ ᠤ ᠴᠡᠴᠡᠷᠯᠢᠭ ᠢ ᠵᠣᠯᠭᠠᠭᠤᠯᠣᠨ ᠨᠠᠪᠲᠠᠷᠡᠭᠦᠯᠵᠦ᠂ ᠠᠮᠠᠷᠠᠯᠲᠠ ᠶᠢᠨ ᠣᠷᠣᠨ ᠤ ᠰᠣᠳᠣᠨ ᠦᠵᠡᠮᠵᠢ ᠶᠢᠨ ᠬᠤᠩᠭᠢᠯ ᠢ ᠪᠣᠶ ᠪᠤᠯᠭᠠᠬᠤ ᠬᠡᠷᠡᠭᠳᠡᠢ᠃ ᠵᠡᠭᠡᠯᠢ ᠭᠤᠳᠤᠮᠵᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠦᠷᠦᠯ ᠵᠦᠢᠯ ᠳᠤ ᠴᠢᠭᠯᠡᠭᠦᠯᠦᠨ᠂ ︽ᠨᠠᠷᠢᠯᠢᠭ᠂ ᠣᠨᠴᠠᠭᠠᠢ᠂ ᠰᠢᠯᠢᠳᠡᠭ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠭᠵᠢᠷᠡᠯ ᠢ ᠨᠡᠪᠲᠡᠷᠡᠭᠦᠯᠬᠦ᠂ ᠲᠣᠭᠤᠷᠢᠯᠲᠠ ᠶᠢᠨ ᠱᠤᠭᠤᠮ ᠢ ᠪᠦᠷᠢᠯᠳᠦᠭᠦᠯᠬᠦ᠂ ᠳᠦᠷᠢ ᠲᠥᠷᠬᠦ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠨ᠂ ︽ᠨᠢᠭᠡ ᠵᠡᠭᠡᠯᠢ᠂ ᠨᠢᠭᠡ ᠵᠠᠮ᠂ ᠨᠢᠭᠡ ᠲᠥᠰᠥᠯ︾ ᠢᠶᠠᠷ ᠨᠠᠷᠢᠯᠢᠭ ᠲᠥᠯᠥᠪᠯᠡᠵᠦ᠂ ᠨᠠᠷᠢᠨ ᠨᠢᠮᠪᠠᠢ ᠮᠠᠲ᠋ᠧᠷᠢᠶᠠᠯ ᠰᠣᠩᠭᠤᠵᠤ᠂ ᠤᠨᠢᠨ ᠳᠡᠭᠡᠷ᠎ᠡ ᠨᠢ ᠪᠠᠶᠢᠷᠢᠰᠢᠭᠤᠯᠵᠤ᠂ ︽ᠠᠯᠭᠤᠷ ᠠᠯᠬᠤᠬᠤ᠂ ᠠᠭᠠᠵᠢᠭᠤ ᠵᠤᠭᠠᠴᠠᠬᠤ᠂ ᠲᠠᠭᠠᠯᠠᠮᠵᠢᠳᠠᠢ ᠠᠮᠢᠳᠤᠷᠠᠬᠤ︾ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ ᠬᠡᠷᠡᠭᠲᠡᠢ᠃ ᠱᠧᠩᠴᠢᠤᠸᠠᠨ ᠴᠠᠰᠤᠨ ᠤ ᠴᠤᠭᠯᠠᠷᠠᠯ ᠤᠨ ᠲᠦᠷᠦᠯ ᠵᠦᠢᠯ ᠳᠤ ᠴᠢᠭᠯᠡᠭᠦᠯᠦᠨ᠂ ᠤᠷᠢᠳᠠᠴᠢ ᠡᠵᠡᠩᠨᠡᠯᠲᠡ ᠶᠢᠨ ᠰᠡᠳᠬᠢᠬᠦᠢ ᠲᠠᠢ ᠪᠠᠶᠢᠵᠤ᠂ ᠲᠡᠷᠢᠭᠦᠨ ᠤ ᠪᠦᠯᠬᠦᠮ ᠨᠡᠶᠢᠲᠡ ᠲᠠᠢ ᠬᠠᠮᠲᠤᠷᠠᠯᠴᠠᠨ᠂ ᠡᠯ᠎ᠡ ᠲᠦᠷᠦᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠪᠠᠲᠤᠯᠠᠵᠤ᠂ ︽ᠲᠦᠷᠪᠡᠨ ᠤᠯᠠᠷᠢᠯ ᠢᠶᠠᠷ ᠡᠵᠡᠩᠨᠡᠵᠦ᠂ ᠪᠦᠬᠦ ᠤᠯᠠᠷᠢᠯ ᠢᠶᠠᠷ ᠬᠥᠭᠵᠢᠶᠡᠨᠲᠡᠢ ᠪᠣᠯᠭᠠᠬᠤ︾ ᠶᠢ ᠪᠡᠶᠡᠯᠡᠭᠦᠯᠬᠦ ᠬᠡᠷᠡᠭᠲᠡᠢ᠃ ᠣᠶ ᠰᠢᠭᠤᠢ ᠶᠢᠨ ᠴᠠᠰᠤᠲᠤ ᠲᠠᠯ᠎ᠠ ᠶᠢᠨ ᠲᠥᠷᠥᠯ ᠵᠦᠢᠯ ᠳᠤ ᠴᠢᠭᠯᠡᠭᠦᠯᠦᠨ᠂ ᠣᠨᠴᠠᠯᠢᠭᠲᠤ ᠵᠠᠮ ᠱᠤᠭᠤᠮ ᠢ ᠰᠠᠶᠢᠲᠤᠷ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ᠂ ᠮᠠᠶᠢᠬᠠᠨ᠂ ᠮᠣᠳᠣᠨ ᠪᠠᠶᠢᠰᠢᠩ ᠵᠡᠷᠭᠡ ᠠᠮᠠᠷᠠᠯᠲᠠ ᠶᠢᠨ ᠲᠦᠬᠦᠭᠡᠷᠣᠮᠵᠢ ᠶᠢ ᠨᠡᠮᠡᠨ ᠪᠠᠶᠢᠭᠤᠯᠵᠤ᠂ ᠵᠤᠰᠠᠯᠠᠩ᠂ ᠥᠪᠡᠷ ᠢᠶᠠᠨ ᠲᠡᠷᠭᠡ ᠵᠢᠯᠣᠭᠤᠳᠤᠨ ᠬᠡᠭᠡᠷ᠎ᠡ ᠪᠠᠭᠤᠳᠠᠯᠯᠠᠬᠤ᠂ ᠴᠠᠰᠤᠲᠤ ᠲᠠᠯ᠎ᠠ ᠪᠠᠷ ᠬᠡᠭᠡᠷ᠎ᠡ ᠠᠶᠠᠯᠠᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠤᠯᠭᠠᠭᠤᠷᠢᠯᠠᠯ ᠢ ᠴᠢᠩᠭᠠᠷᠠᠭᠤᠯᠤᠨ᠂ ᠪᠡᠶᠡᠴᠢᠯᠡᠨ ᠣᠶᠢᠯᠠᠭᠠᠬᠤ ᠲᠥᠷᠥᠯ ᠵᠦᠢᠯ ᠪᠣᠯᠭᠠᠵᠤ᠂ ᠲᠠᠲᠠᠬᠤ ᠬᠦᠴᠦᠨ ᠪᠠ ᠪᠡᠶᠡᠴᠢᠯᠡᠨ ᠣᠶᠢᠯᠠᠭᠠᠬᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ ᠭᠡᠵᠣ ᠵᠢᠭᠠᠵᠣ ᠭᠠᠷᠭᠠᠪᠡ᠃    
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号