ᠲᠠᠷᠢᠶᠠᠯᠠᠩ ᠤᠨ ᠮᠠᠰᠢᠨ ᠤ ᠲᠠᠷᠢᠶᠠᠯᠠᠭ᠎ᠠ ᠶᠢᠨ ᠪᠡᠯᠡᠳᠬᠡᠯ  ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/3/8
   
  ᠣᠶᠢᠷ᠎ᠠ ᠳᠤ᠂ ᠬᠢᠩᠭᠠᠨ ᠤ ᠠᠲᠠᠷ ᠬᠠᠭᠠᠯᠪᠤᠷᠢᠯᠠᠯᠲᠠ ᠵᠢᠨ‌‍ᠲ᠋ᠤᠯᠢᠶᠠᠮᠤᠳᠤ ᠲᠠᠷᠢᠶᠠᠯᠠᠩ ᠤᠨ ᠲᠠᠯᠠᠪᠠᠶ ᠶᠢᠨ ᠬᠤᠶᠠᠳᠤᠭᠠᠷ ᠬᠠᠮᠢᠶᠠᠷᠤᠯᠲᠠ ᠶᠢᠨ ᠣᠷᠣᠨ ᠳᠤ᠂ ᠮᠥᠷ ᠮᠥᠷ ᠲᠠᠷᠢᠶᠠᠯᠠᠩ ᠤᠨ ᠮᠠᠰᠢᠨ ᠲᠡᠷᠭᠡ ᠶᠢ ᠲᠡᠷᠢ ᠲᠡᠭᠰᠢ ᠲᠠᠯᠪᠢᠵᠤ᠂ ᠲᠠᠷᠢᠶᠠᠯᠠᠩ ᠤᠨ ᠮᠠᠰᠢᠨ ᠰᠡᠯᠪᠢᠨ ᠵᠠᠰᠠᠬᠤ ᠠᠵᠢᠯᠲᠠᠳ ᠲᠣᠮᠣ ᠬᠡᠯᠪᠡᠷᠢ ᠶᠢᠨ ᠲᠷᠠᠺᠲ᠋ᠣᠷ ᠲᠤ ᠨᠢᠭᠡ ᠤᠳᠠᠭᠠᠨ ᠤ ᠪᠥᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠬᠢᠵᠦ ᠪᠠᠶᠢᠨ᠎ᠠ᠃ ᠡᠨᠡ ᠵᠢᠯ᠂  ᠲᠤᠯᠢᠶᠠᠮᠤᠳᠤ ᠲᠠᠷᠢᠶᠠᠯᠠᠩ ᠤᠨ ᠲᠠᠯᠠᠪᠠᠢ ᠶᠢᠨ ᠬᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠲᠥᠯᠥᠪᠵᠢᠭᠦᠯᠵᠦ᠂ ᠤᠶᠤᠨᠴᠢᠯᠠᠭᠰᠠᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠲᠣᠨᠣᠭᠯᠠᠯ ᠢ ᠤᠶᠤᠨᠴᠢᠯᠠᠭᠰᠠᠨ᠂ ᠲᠣᠭᠠᠴᠢᠯᠠᠭᠰᠠᠨ᠂ ᠨᠠᠷᠢᠯᠢᠭ ᠣᠨᠣᠪᠴᠢᠲᠠᠢ᠂ ᠥᠨᠳᠥᠷ ᠦᠷ᠎ᠡ ᠠᠰᠢᠭᠲᠠᠢ᠂ ᠡᠨᠧᠷᠭᠢ ᠠᠷᠪᠢᠯᠠᠬᠤ ᠵᠡᠷᠭᠡ ᠮᠠᠰᠢᠨ ᠤ ᠬᠡᠯᠪᠡᠷᠢ ᠲᠡᠰᠢ ᠰᠣᠯᠢᠵᠤ ᠲᠡᠰ ᠳᠡᠪᠰᠢᠭᠦᠯᠵᠦ᠂ ᠲᠠᠷᠢᠶᠠᠯᠠᠩ ᠤᠨ ᠥᠨᠳᠥᠷ ᠲᠣᠭᠲᠠᠭᠤᠨ ᠤᠨᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠰᠤᠷᠪᠤᠯᠵᠢᠯᠠᠭᠴᠢ ᠪᠤᠶᠠᠨᠳᠡᠯᠭᠡᠷ  ᠴᠢᠮᠡᠭᠡᠯᠡᠭᠴᠢ ᠪᠠᠲᠤ ᠰᠡᠭᠦᠳᠡᠷᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号