ᠬᠢᠩᠭᠠᠨ ᠠᠶᠢᠮᠠᠭ ᠤᠨ ᠬᠢᠨ 2023 ᠣᠨ ᠤ ᠠᠩᠬᠠᠨ ᠤ ᠭᠡᠷ ᠤᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2023/3/8
   3 ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ 2023 ᠣᠨ ᠤ ᠬᠢᠩᠭᠠᠨ ᠠᠶᠢᠮᠠᠭ ᠤᠨ ᠠᠩᠬᠠᠳᠠᠭᠴᠢ ᠬᠡᠷ ᠤᠨ ᠭᠠᠳᠠᠨᠠᠬᠢ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠵᠢᠴᠢ ︽ᠤᠯᠠᠭᠠᠨᠬᠤᠲᠠ · ᠬᠤᠩ ᠶᠠᠨ ᠠᠵᠢᠯ ᠤᠨ ᠪᠠᠶᠢᠷᠢ ᠬᠦᠷᠭᠡᠬᠦ︾ ᠠᠵᠢᠯ ᠣᠯᠭᠤᠯᠲᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ ᠡᠬᠢᠯᠡᠯᠲᠡ ᠶᠢᠨ ᠶᠣᠰᠣᠯᠠᠯ ᠤᠯᠠᠭᠠᠨᠬᠤᠲᠠ ᠶᠢᠨ  ︽5.1︾ ᠲᠠᠯᠠᠪᠠᠶ ᠳᠤ ᠶᠠᠪᠤᠭᠳᠠᠪᠠ᠃    ︽ᠬᠤᠣᠰ ᠠᠮᠠᠷᠠᠯᠲᠠ ᠪᠠᠶᠢᠨ᠎ᠠ ᠤᠤ︖︾ ︽ᠲᠠᠪᠤᠨ ᠳᠠᠭᠠᠳᠬᠠᠯ ᠲᠤᠰᠢᠶᠠᠨ᠎ᠠ ᠤᠤ ᠦᠭᠡᠶ  ᠤᠤ  ︖︾ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠠᠶ ᠳᠤ ᠬᠥᠮᠦᠨ ᠣᠯᠠᠨ ᠴᠤᠭᠯᠠᠷᠠᠵᠤ᠂ ᠬᠦᠷ ᠬᠥᠭᠵᠢᠶᠡᠨ ᠲᠠᠢ ᠪᠠᠶᠢᠯ᠎ᠠ᠃ ᠠᠵᠢᠯ ᠡᠷᠢᠭᠰᠡᠳ ᠲᠣᠪᠴᠢ ᠨᠠᠮᠲᠠᠷ ᠢᠶᠠᠨ ᠭᠠᠷ ᠲᠠᠭᠠᠨ ᠪᠠᠷᠢᠬᠤ ᠪᠤᠶᠤ ᠠᠵᠢᠯᠲᠠᠨ ᠡᠯᠰᠡᠬᠦ ᠦᠵᠡᠭᠦᠯᠦᠯᠭᠡ ᠶᠢᠨ ᠪᠠᠶᠢᠷᠢᠨ ᠠᠴᠠ ᠲᠣᠬᠢᠷᠠᠮᠵᠢᠲᠠᠶ ᠠᠵᠢᠯ ᠤᠨ ᠪᠠᠶᠢᠷᠢ ᠡᠷᠢᠬᠦ᠂ ᠡᠰᠡᠬᠦᠯ᠎ᠡ ᠠᠵᠤ ᠠᠬᠤᠶᠢᠯᠠᠯ ᠤᠨ ᠬᠢᠨ ᠲᠠᠢ ᠠᠵᠢᠯ ᠤᠨ ᠨᠠᠷᠢᠨ ᠪᠠᠶᠢᠳᠠᠯ ᠢ ᠨᠢᠭᠤᠷᠲᠠᠨ ᠠᠰᠠᠭᠤᠵᠤ᠂ ᠰᠠᠨᠠᠭᠠᠨ ᠳᠤ ᠳᠠᠭᠠᠷᠠᠭᠰᠠᠨ ᠠᠵᠢᠯ ᠤᠨ ᠪᠠᠶᠢᠷᠢᠨ ᠳᠤ ᠭᠠᠷᠤᠭᠰᠠᠨ ᠤ ᠳᠠᠷᠠᠭ᠎ᠠ᠂ ᠠᠵᠢᠯ ᠤᠯᠬᠤ ᠰᠠᠨᠠᠮᠵᠢ ᠶᠢᠨ ᠬᠦᠰᠦᠨᠦᠭᠲᠦ ᠪᠠᠨ ᠲᠠᠭᠯᠠᠵᠤ ᠥᠪᠡᠷ ᠤᠨ ᠲᠣᠪᠴᠢ ᠨᠠᠮᠲᠠᠷ ᠢᠶᠠᠨ ᠦᠯᠡᠳᠡᠭᠡᠳᠡᠭ᠃    ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 200 ᠭᠠᠷᠤᠶ ᠠᠵᠤ ᠠᠬᠤᠶᠢᠯᠠᠯ ᠣᠷᠣᠯᠴᠠᠵᠠᠶ᠂ ᠡᠭᠦᠨ ᠳᠤ ᠠᠶᠢᠮᠠᠭ ᠤᠨ ᠳᠣᠲᠣᠭᠠᠳᠤ ᠳᠤ 160 ᠭᠠᠷᠤᠶ ᠠᠵᠤ ᠠᠬᠤᠶᠢᠯᠠᠯ᠂ ᠬᠤᠲᠠ ᠶᠢᠨ ᠭᠠᠳᠠᠨᠠᠬᠢ ᠠᠵᠤ ᠠᠬᠤᠶᠢᠯᠠᠯ 40 ᠭᠠᠷᠤᠶ ᠪᠠᠶᠢᠵᠤ᠂ ᠡᠳ᠋ ᠤᠨ ᠶᠠᠪᠤᠳᠠᠯ ᠤᠨ ᠭᠤᠤᠯ ᠬᠠᠮᠢᠶᠠᠷᠤᠭᠴᠢ᠂ ᠶᠡᠭᠡ ᠲᠢᠩᠬᠢᠮ ᠤᠨ ᠳᠠᠭᠠᠭᠠᠮᠠᠯ᠂ ᠵᠠᠷ ᠮᠡᠳᠡᠭᠡᠨ ᠤ ᠵᠢᠷᠤᠭ ᠲᠥᠯᠥᠪᠯᠡᠭᠴᠢ᠂ ᠮᠥᠩᠭᠦ ᠬᠤᠷᠢᠶᠠᠭᠴᠢ᠂ ᠠᠷᠠᠴᠢᠯᠠᠭᠴᠢ᠂ ᠮᠡᠷᠭᠡᠵᠢᠯ ᠤᠨ ᠠᠵᠢᠯᠴᠢᠨ ᠵᠡᠷᠭᠡ 200 ᠭᠠᠷᠤᠶ ᠠᠵᠢᠯ ᠲᠥᠷᠥᠯ ᠢ ᠬᠠᠩᠭᠠᠵᠤ᠂ ᠲᠦᠮᠡ ᠭᠠᠷᠤᠶ ᠠᠵᠢᠯ ᠤᠨ ᠪᠠᠶᠢᠷᠢ ᠶᠢ ᠠᠵᠢᠯ ᠡᠷᠢᠭᠰᠡᠳ ᠤᠨ ᠰᠣᠩᠭᠤᠯᠲᠠ ᠳᠤ ᠬᠠᠩᠭᠠᠭᠰᠠᠨ ᠪᠠᠶᠢᠨ᠎ᠠ᠃ ᠠᠵᠢᠯᠲᠠᠨ ᠡᠯᠰᠡᠬᠦ ᠴᠤᠭᠯᠠᠭᠠᠨ ᠳᠤ ᠲᠦᠮᠡ ᠭᠠᠷᠤᠶ ᠬᠥᠮᠦᠨ ᠣᠷᠣᠯᠴᠠᠵᠤ᠂ ᠲᠤᠬᠠᠶ ᠶᠢᠨ ᠲᠠᠯᠠᠪᠤᠷ ᠲᠤ 1242 ᠠᠵᠢᠯ ᠤᠯᠬᠤ ᠬᠦᠰᠡᠯ ᠲᠠᠢ ᠪᠣᠯᠪᠠ᠃    ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠶᠢ ᠰᠠᠶᠢᠲᠤᠷ ᠬᠢᠬᠦ ᠶᠢᠨ ᠬᠠᠮᠲᠤ᠂ ᠬᠢᠩᠭᠠᠨ ᠠᠶᠢᠮᠠᠭ ᠤᠨ ᠬᠢᠨ ᠪᠠᠰᠠ ᠠᠵᠤ ᠠᠬᠤᠶᠢᠯᠠᠯ ᠪᠣᠯᠤᠨ ᠠᠵᠢᠯ ᠡᠷᠢᠭᠰᠡᠳ ᠲᠤ ᠣᠯᠠᠨ ᠡᠰᠢᠲᠦ ᠵᠣᠯᠭᠠᠭᠤᠯᠬᠤ ᠠᠷᠭ᠎ᠠ ᠵᠠᠮ ᠬᠠᠩᠭᠠᠵᠤ᠂ ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠰ ᠳᠠᠷᠠᠭᠠᠯᠠᠯ ᠢ ᠭᠠᠷᠭᠠᠭᠰᠠᠨ ᠪᠠᠶᠢᠨ᠎ᠠ᠃ ᠵᠢᠵᠢᠭ ᠫᠷᠤᠭ᠍ᠷᠠᠮ ᠳᠤ ᠲᠡᠮᠳᠡᠭᠯᠡᠬᠦ ᠪᠠᠷ ᠳᠡᠮᠵᠢᠨ᠂ ᠠᠵᠢᠯ ᠡᠷᠢᠭᠰᠡᠳ ᠬᠡᠷ ᠠᠴᠠ ᠪᠠᠨ ᠭᠠᠷᠬᠤ ᠥᠬᠡᠶ ᠪᠠᠷ ᠠᠵᠢᠯᠲᠠᠨ ᠡᠯᠰᠡᠬᠦ᠂ ᠪᠣᠯᠪᠠᠰᠤᠷᠠᠭᠤᠯᠬᠤ᠂ ᠡᠳᠦᠷ ᠤᠨ ᠬᠦᠴᠦ ᠶᠠᠪᠤᠬᠤ ᠵᠢᠴᠢ ᠲᠥᠷᠥ ᠶᠢᠨ ᠪᠣᠳᠣᠯᠭ᠎ᠠ ᠶᠢᠨ ᠯᠠᠪᠯᠠᠯᠲᠠ ᠵᠡᠷᠭᠡ ᠮᠡᠳᠡᠭᠡ ᠵᠠᠩᠭᠢ ᠶᠢ ᠣᠯᠵᠤ ᠪᠣᠯᠤᠨ᠎ᠠ᠃ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠡᠭᠡᠷ᠎ᠡ᠂ ᠤᠯᠠᠭᠠᠨᠬᠤᠲᠠ ᠶᠢᠨ ︽ᠬᠤᠩ ᠶᠠᠨ ᠠᠵᠢᠯ ᠤᠨ ᠪᠠᠶᠢᠷᠢ ᠬᠦᠷᠭᠡᠬᠦ︾ ᠰᠦᠯᠵᠢᠶᠡᠨ ᠳᠡᠭᠡᠷᠡᠬᠢ ᠲᠠᠰ ᠳᠠᠷᠠᠭᠠᠯᠠᠯ ᠢᠶᠠᠷ 208 ᠠᠵᠤ ᠠᠬᠤᠶᠢᠯᠠᠯ ᠳᠤ ᠣᠷᠣᠵᠤ᠂ 5000 ᠭᠠᠷᠤᠶ ᠠᠵᠢᠯ ᠤᠨ ᠪᠠᠶᠢᠷᠢ ᠬᠠᠩᠭᠠᠵᠤ᠂ 87 ᠬᠥᠮᠦᠨ ᠠᠵᠢᠯ ᠤᠯᠬᠤ ᠰᠠᠨᠠᠮᠵᠢ ᠶᠢᠨ ᠬᠡᠯᠡᠯᠴᠡᠭᠡᠷ ᠲᠣᠭᠲᠠᠭᠰᠠᠨ ᠪᠠᠶᠢᠨ᠎ᠠ᠃    ︽ᠲᠣᠰ ᠤᠳᠠᠭᠠᠨ ᠤ ᠠᠵᠢᠯᠯᠠᠭ᠎ᠠ ᠪᠣᠯ ᠮᠠᠨ ᠤ ᠠᠶᠢᠮᠠᠭ ᠤᠨ 2023 ᠣᠨ ᠤ ︿ᠬᠠᠪᠤᠷ ᠤᠨ ᠰᠠᠯᠬᠢᠨ ᠤ ᠠᠵᠢᠯᠯᠠᠭ᠎ᠠ﹀ ᠪᠠ ︿ᠮᠢᠩᠭᠠᠨ ᠲᠠᠯᠠᠪᠤᠷ ᠠᠵᠢᠯᠲᠠᠨ ᠡᠯᠰᠡᠬᠦ﹀ ᠠᠵᠢᠯᠯᠠᠭ᠎ᠠ ᠶᠢᠨ ᠠᠬᠢᠭᠤᠯᠤᠯ ᠪᠠ ᠦᠷᠭᠦᠯᠵᠢᠯᠡᠯ ᠮᠥᠨ᠂ ᠡᠭᠦᠨ ᠤ ᠭᠤᠤᠯ ᠵᠣᠷᠢᠯᠭ᠎ᠠ ᠨᠢ ᠬᠥᠳᠡᠯᠮᠦᠷᠢ  ᠦᠢᠯᠡᠴᠢᠯᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠪᠠ ᠬᠥᠳᠡᠯᠮᠦᠷᠢᠴᠢᠳ ᠤᠨ ᠠᠵᠢᠯ ᠡᠷᠢᠬᠦ ᠬᠦᠰᠡᠯ ᠰᠠᠨᠠᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠬᠥᠳᠡᠯᠮᠦᠷᠢᠴᠢᠳ ᠤᠨ ᠠᠵᠢᠯ ᠤᠯᠬᠤ ᠬᠦᠴᠢᠷ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢᠨ ᠲᠥᠯᠥᠭᠡ ᠶᠤᠮ︾  ᠭᠡᠵᠦ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠲᠤᠯᠠᠭ᠎ᠠ ᠶᠢᠨ  ᠲᠤᠪᠴᠢᠶ᠎ᠠ ᠶᠢᠨ ᠳᠠᠷᠤᠭ᠎ᠠ ᠳ᠋ᠢᠩ ᠰᠢᠶᠤᠤ ᠳ᠋ᠦᠩ ᠬᠡᠯᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号