ᠬᠢᠩᠭᠠᠨ ᠠᠶᠢᠮᠠᠭ ᠤᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠶᠢᠨ ᠭᠠᠵᠠᠷ ᠤᠨ ᠠᠬᠢᠭᠤᠯᠬᠤ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/8
    ᠬᠢᠩᠭᠠᠨ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ  ᠭᠦᠢᠴᠡᠳᠭᠡᠬᠦ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ  ᠭᠦᠢᠴᠡᠳᠭᠡᠬᠦ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ 3 ᠳ᠋ᠤᠭᠠᠷ ᠰᠠᠷ᠎ᠠ ᠶᠢᠨ 2 ᠤᠨ ᠡᠳᠦᠷ᠂ ᠬᠢᠩᠭᠠᠨ ᠠᠶᠢᠮᠠᠭ ᠤᠨ ᠬᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ  ᠦᠢᠯᠡᠴᠢᠯᠡᠭᠡᠨ ᠤ ᠥᠷᠲᠡᠭᠡ ︵ᠴᠡᠭ︶ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠠᠬᠢᠭᠤᠯᠬᠤ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠾᠧ ᠸᠧᠶ ᠯᠢ ᠬᠤᠷᠠᠯ ᠳᠤ ᠣᠷᠣᠯᠴᠠᠵᠠᠶ᠃    ᠬᠤᠷᠠᠯ ᠳᠤ ᠣᠷᠣᠯᠴᠠᠭᠰᠠᠳ ᠲᠤᠬᠠᠶ ᠶᠢᠨ ᠲᠠᠯᠠᠪᠠᠶ ᠳᠤ ᠡᠮᠦᠨᠡᠳᠦ ᠬᠤᠰᠢᠭᠤᠨ ᠤ ᠬᠤᠷᠴᠢᠨ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠣᠣᠷ ᠴᠡᠭ ᠤᠨ ᠪᠦᠲᠦᠭᠡᠨ ᠪᠠᠶᠢᠭᠤᠯᠤᠯᠲᠠ ᠵᠢᠴᠢ  ᠴᠠᠷᠠᠰᠤᠨ ᠪᠠᠯᠭᠠᠰᠤᠨ ᠤ  ᠴᠠᠷᠠᠰᠤᠨ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠣᠣᠷ ᠴᠡᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠵᠦ᠂ ᠡᠭᠦᠨ ᠤ ᠬᠠᠮᠲᠤ᠂ ᠡᠮᠦᠨᠡᠳᠦ ᠬᠤᠰᠢᠭᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ  ᠦᠢᠯᠡᠴᠢᠯᠡᠭᠡᠨ ᠤ ᠥᠷᠲᠡᠭᠡ ︵ᠴᠡᠭ︶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠡᠮᠦᠨᠡᠳᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ  ᠤ ᠲᠥᠪ ᠤᠨ ᠡᠯ᠎ᠡ ᠰᠢᠶᠠᠩ ᠪᠠᠯᠭᠠᠰᠤᠨ ᠤ ᠭᠠᠷᠲᠠᠨ  ᠭᠦᠢᠴᠡᠳᠭᠡᠬᠦ ᠲᠣᠤᠷ ᠴᠡᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ  ᠦᠢᠯᠡᠴᠢᠯᠡᠭᠡᠨ ᠤ ᠥᠷᠲᠡᠭᠡ ︵ ᠴᠡᠭ︶ ᠶᠢᠨ ᠪᠥᠲᠥᠭᠡᠨ ᠪᠠᠶᠢᠭᠤᠯᠤᠯᠲᠠ ᠪᠣᠯ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ  ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ‌‍ᠭᠦ᠋ᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠢᠳᠡᠪᠬᠢᠲᠡᠶ ᠰᠥᠪᠡᠭᠴᠢᠯᠡᠯᠲᠡ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ ᠴᠡᠭ ︶ ᠶᠢ ᠰᠠᠶᠢᠲᠤᠷ ᠪᠠᠶᠢᠭᠤᠯᠤᠨ ᠪᠦᠲᠦᠭᠡᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ︽ᠪᠠᠷᠢᠮᠵᠢᠶᠠᠵᠢᠭᠤᠯᠬᠤ᠂ ᠳᠥᠭᠦᠮ ᠳᠥᠲᠡ ᠪᠣᠯᠭᠠᠬᠤ᠂ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ︾ ᠶᠢ ᠳᠥᠯᠭᠢᠨ ᠠᠬᠢᠭᠤᠯᠵᠤ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ  ᠤ ᠬᠦᠷᠢᠶ᠎ᠡ︾ ᠶᠢ ᠪᠣᠶ ᠪᠣᠯᠭᠠᠵᠤ᠂ ᠠᠷᠠᠳ ᠣᠯᠠᠨ ᠳᠤ ︽ᠬᠡᠷ ᠤᠨ ᠡᠭᠦᠳᠡᠨ ᠳᠠᠬᠢ︾ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ  ᠬᠠᠩᠭᠠᠬᠤ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠬᠢᠩᠭᠠᠨ  ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号