ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ | ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ | ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠨᠠᠮ ᠤᠨ ᠲᠥᠪ ᠬᠤᠷᠢᠶ᠎ᠠ ︽ᠬᠤᠶᠠᠷ ᠡᠷᠡᠰ ᠭᠤᠶᠢᠪᠢᠰᠢ ᠦᠭᠡᠢ | ᠪᠠᠶᠢᠬᠤ︾᠂ ︽ᠭᠤᠷᠪᠠᠨ ᠬᠤᠪᠢᠷᠠᠭ᠎ᠠ ᠦᠭᠡᠢ ᠪᠠᠶᠢᠬᠤ︾ ᠶᠢ ᠢᠮᠠᠭᠲᠠ ᠪᠠᠷᠢᠮᠲᠠᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠢᠮᠠᠭᠲᠠ | ᠥᠪᠡᠷ ᠤᠨ ᠬᠥᠮᠥᠨ ᠢᠶᠠᠨ ᠪᠣᠯᠭᠠᠨ ᠦᠵᠡᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ | ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ᠂ ᠢᠲᠡᠭᠡᠯ ᠵᠣᠷᠢᠭ ᠢ ᠨᠢ ᠬᠥᠪᠴᠢᠯᠡᠵᠦ᠂ | ᠳᠠᠷᠤᠭᠠᠰᠤ ᠶᠢ ᠨᠢ ᠬᠥᠩᠭᠡᠷᠡᠭᠦᠯᠵᠦ᠂ ᠵᠣᠷᠢᠭᠲᠠᠢ ᠪᠠᠷ ᠬᠥᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠡᠷᠡᠭᠦᠯ ᠢᠶᠠᠷ ᠬᠥᠭᠵᠢᠵᠦ᠂ ᠴᠢᠨᠠᠷ ᠰᠠᠶᠢᠲᠠᠢ ᠭᠦᠭᠵᠢᠭᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠃ | | ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ | ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ︽ᠬᠤᠶᠠᠷ | ᠬᠤᠷᠠᠯ︾ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ ᠪᠦᠭᠦ | ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ | ᠣᠷᠣᠨ᠂ ᠣᠣᠮᠧᠨ ᠵᠠᠰᠠᠭ ᠵᠠᠬᠢᠷᠭᠠᠨ ᠤ ᠣᠨᠴᠠᠭᠠᠢ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ᠂ | ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ | ᠰᠠᠶᠢᠬᠠᠨ ᠵᠥᠩᠨᠡᠯ ᠳᠡᠪᠰᠢᠭᠦᠯᠪᠡ︕ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠡᠷᠭᠢᠯᠡᠭᠴᠢ ᠸᠠᠩ ᠬᠤ᠋ ᠨᠢᠩ᠂ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ᠂ ᠳ᠋ᠢᠩ ᠰᠢᠤᠸᠠᠢ | ᠰᠢᠶᠠᠩ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠪᠠ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠽᠧᠩ ᠢᠦᠢ ᠴᠢᠶᠦ᠋ᠨ᠂ ᠰᠢᠶᠧ ᠳ᠋ᠦᠩ᠂ ᠯᠢᠦ ᠵᠧᠨ ᠳ᠋ᠦᠩ᠂ | ᠴᠧᠨ ᠰᠢᠶᠣᠣ ᠫᠢᠩ᠂ ᠰᠢᠶᠧ ᠷᠦ᠂ ᠰᠦᠨ ᠳ᠋ᠦᠩ ᠱᠧᠩ ᠵᠡᠷᠭᠡ 6 ᠭᠡᠰᠢᠭᠦᠨ᠂ ᠪᠦᠭᠦ ᠪᠥᠮᠪᠥᠷᠴᠡᠭ ᠤᠨ ᠰᠢᠨ᠎ᠡ | ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ ᠡᠵᠡᠯᠡᠭᠦ᠂ ᠮᠥᠩᠭᠦᠨ ᠭᠦᠢᠯᠭᠡᠭᠡᠨ ᠢᠶᠠᠷ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠶᠢ ᠳᠡᠮᠵᠢᠭᠦ᠂ ᠳᠤᠮᠳᠠ ᠵᠢᠵᠢᠭ ᠠᠵᠤ ᠠᠬᠤᠶᠢᠯᠠᠯ ᠤᠨ | ᠬᠥᠭᠵᠢᠯᠲᠡ ᠳᠤ ᠨᠡᠩ ᠰᠠᠶᠢᠨ ᠨᠥᠬᠦᠴᠡᠯ ᠡᠭᠦᠳᠴᠦ ᠦᠭᠭᠦ᠂ ᠲᠠᠪᠴᠠᠩ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠠᠪᠠᠭᠤᠯᠢᠭ ᠪᠠ ᠠᠮᠢᠵᠢᠷᠠᠯ ᠤᠨ ᠬᠦᠴᠦᠨ ᠢ ᠴᠢᠨᠠᠭᠰᠢᠳᠠ | ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃ | ᠰᠢ ᠶᠢᠨ ᠫᠢᠩ ᠤᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ ᠪᠠᠶᠢᠭ᠎ᠠ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠵᠦ᠂ ᠤᠯᠠᠨ ᠲᠠᠢ ᠬᠠᠮᠲᠤ ᠶᠠᠷᠢᠯᠴᠠᠨ ᠪᠤᠳᠤᠯ ᠰᠠᠨᠠᠯ ᠢᠶᠠᠨ ᠰᠣᠯᠢᠯᠴᠠᠵᠤ | ᠪᠠᠶᠢᠭ᠎ᠠ ᠳᠠᠭᠠᠨ ᠮᠠᠰᠢ ᠪᠠᠶᠠᠷ ᠲᠠᠢ ᠪᠠᠶᠢᠨ᠎ᠠ ᠭᠡᠵᠦ ᠢᠯᠡᠳᠬᠡᠪᠡ᠃ ᠲᠡᠷᠡ ᠨᠠᠮ ᠤᠨ ᠲᠥᠪ ᠬᠤᠷᠢᠶ᠎ᠠ ᠶᠢᠨ | ᠡᠮᠦᠨ᠎ᠡ ᠠᠴᠠ ᠬᠤᠷᠠᠯ ᠳᠤ ᠣᠷᠣᠯᠴᠠᠬᠰᠠᠨ ᠭᠡᠰᠢᠭᠦᠳ ᠪᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠥᠷᠭᠡᠨ ᠤᠯᠠᠨ ᠪᠦᠷᠢᠯᠳᠦᠭᠦᠨ ᠪᠠ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠬᠥᠮᠥᠰ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | | ᠰᠢ ᠶᠢᠨ ᠫᠢᠩ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠦᠢᠯ ᠤᠨ ᠴᠢᠬᠤᠯᠠ᠂ | ᠲᠦᠢᠯ ᠤᠨ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠳᠡᠯᠡᠬᠡᠢ ᠶᠢᠨ ᠣᠷᠴᠢᠨ ᠰᠠᠯᠬᠢ ᠶᠡᠭᠡ ᠳᠠᠪᠠᠯᠭᠠᠨ ᠰᠢᠷᠦᠭᠦᠨ | ᠪᠠᠶᠢᠭᠰᠠᠨ ᠪᠠ ᠤᠯᠤᠰ ᠤᠨ ᠳᠣᠲᠣᠭᠠᠳᠤ ᠳᠤ ᠵᠢᠱᠢᠯᠲᠡ ᠠᠴᠠ ᠳᠠᠪᠠᠭᠰᠠᠨ ᠤᠯᠠᠨ ᠳᠠᠪᠬᠤᠷ ᠬᠦᠴᠦᠨ ᠵᠦᠢᠯ ᠤᠨ | ᠳᠠᠭᠠᠷᠢᠯᠲᠠ ᠳᠤ ᠲᠤᠯᠭᠠᠷᠠᠵᠤ ᠪᠠᠶᠢᠭᠰᠠᠨ ᠪᠠᠶᠢᠳᠠᠯ ᠳᠣᠣᠷ᠎ᠠ᠂ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠵᠦ᠂ | ᠨᠤᠭᠤᠷᠠᠰᠢ ᠦᠭᠡᠢ ᠴᠢᠷᠮᠠᠶᠢᠭᠰᠠᠨ ᠢᠶᠠᠷ᠂ ᠪᠢᠳᠡ ᠴᠢᠬᠤᠯᠠ ᠶᠡᠭᠡ ᠪᠥᠭᠡᠳ ᠠᠯᠤᠰ ᠭᠡᠳᠤ ᠶᠢᠨ ᠨᠥᠯᠥᠭᠡ ᠦᠵᠡᠭᠦᠯᠭᠦ | ᠬᠡᠳᠦᠨ ᠶᠡᠭᠡ ᠶᠠᠪᠤᠳᠠᠯ ᠢ ᠪᠦᠲᠦᠭᠡᠵᠦ᠂ ᠨᠠᠮ ᠪᠠ ᠤᠯᠤᠰ ᠤᠨ ᠠᠵᠢᠯ ᠦᠢᠯᠡᠰ ᠦᠯᠡᠮᠵᠢ ᠦᠷ᠎ᠡ ᠪᠦᠲᠦᠭᠡᠯ ᠣᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ | ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ᠃ ᠪᠢᠳᠡ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡ ᠪᠠ ᠥᠷᠢᠰᠦᠯᠳᠦᠭᠡᠨ ᠢ ᠢᠯᠠᠨ ᠳᠠᠪᠠᠵᠤ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠢᠶᠠᠷ | ᠤᠷᠤᠭᠰᠢᠲᠠᠢ ᠡᠷᠭᠢᠯᠡᠪᠡ᠃ ᠪᠢᠳᠡ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠨᠡᠯᠢᠶᠡᠳ ᠣᠬᠤᠷᠬᠠᠨ ᠬᠤᠭᠤᠴᠠᠭᠠᠨ ᠳᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠢᠯᠵᠢᠭᠦ ᠶᠢ ᠪᠡᠶᠡᠯᠡᠭᠦᠯᠵᠦ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠡᠪᠡᠳᠴᠢᠨ ᠢᠶᠠᠷ ᠦᠬᠦᠬᠦ ᠨᠣᠷᠮ᠎ᠠ ᠪᠦᠭᠦ ᠪᠥᠮᠪᠥᠷᠴᠡᠭ ᠤᠨ ᠬᠠᠮᠤᠭ ᠤᠨ ᠳᠣᠣᠷ᠎ᠠ | ᠲᠦᠪᠰᠢᠨ ᠳᠤ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ | ᠢᠯᠠᠯᠲᠠ ᠶᠢ ᠣᠯᠪᠠ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ | ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠬᠡᠮᠵᠢᠶ᠎ᠡ 40 ᠭᠠᠷᠤᠢ | ᠵᠢᠯ ᠤᠨ ᠲᠤᠷᠰᠢᠬᠢ ᠰᠢᠨ᠎ᠡ ᠥᠨᠳᠥᠷ ᠲᠦᠪᠰᠢᠨ ᠳᠤ ᠭᠦᠷᠦᠭᠰᠡᠨ ᠪᠠᠶᠢᠳᠠᠯ ᠳᠣᠣᠷ᠎ᠠ᠂ ᠮᠠᠨ ᠤ ᠤᠯᠤᠰ ᠤᠨ | ᠪᠠᠷᠠᠭᠠᠨ ᠤ ᠦᠨ᠎ᠡ ᠶᠢᠨ ᠶᠡᠷᠦᠩᠬᠡᠢ ᠲᠦᠪᠰᠢᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠪᠦᠭᠦ ᠵᠢᠯ ᠤᠨ ᠠᠵᠤ | ᠠᠬᠤᠢ ᠶᠢᠨ ᠨᠡᠮᠡᠭᠳᠡᠯ 3% ᠳᠤ ᠬᠦᠷᠴᠦ᠂ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ | ᠳᠣᠲᠣᠷ᠎ᠠ ᠮᠠᠰᠢ ᠥᠨᠳᠥᠷ ᠲᠤ ᠣᠷᠣᠵᠠᠢ᠃ ᠡᠳᠡᠭᠡᠷ ᠠᠮᠵᠢᠯᠲᠠ ᠶᠢ ᠣᠯᠣᠭᠰᠠᠨ ᠨᠢ ᠦᠨᠡᠬᠡᠷ ᠭᠢᠯᠪᠠᠷ ᠪᠤᠰᠤ ᠶᠤᠮ | ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ 5 ᠵᠢᠯ ᠪᠣᠯ ᠲᠦᠢᠯ ᠤᠨ ᠶᠡᠷᠦ | ᠪᠤᠰᠤ ᠶᠢᠨ᠂ ᠲᠦᠢᠯ ᠤᠨ ᠵᠢᠷ ᠤᠨ ᠪᠤᠰᠤ 5 ᠵᠢᠯ ᠪᠣᠯᠣᠨ᠎ᠠ᠃ ᠮᠠᠨ ᠤ ᠤᠯᠤᠰ ᠤᠨ ᠬᠥᠭᠵᠢᠯᠲᠡ ᠶᠢᠨ ᠭᠠᠳᠠᠭᠠᠳᠤ | ᠣᠷᠴᠢᠨ ᠨᠥᠬᠦᠴᠡᠯ ᠰᠢᠷᠦᠭᠦᠰᠦᠨ ᠬᠤᠪᠢᠷᠠᠵᠤ᠂ ᠲᠤᠬᠳᠠᠭᠠᠯᠳᠤ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ | ᠢᠯᠡᠳᠲᠡ ᠨᠡᠮᠡᠭᠳᠡᠪᠡ᠂ ᠢᠯᠠᠩᠭᠤᠶ᠎ᠠ ᠠᠮᠧᠷᠢᠺᠠ ᠪᠠᠷ ᠲᠣᠯᠣᠭᠠᠶᠢᠯᠠᠭᠤᠯᠤᠭᠰᠠᠨ ᠥᠷᠥᠨᠡᠳᠠᠬᠢᠨ ᠤ ᠤᠯᠤᠰ ᠤᠳ ᠮᠠᠨ ᠤ | ᠤᠯᠤᠰ ᠢ ᠪᠦᠭᠦ ᠲᠠᠯ᠎ᠠ ᠪᠠᠷ ᠬᠢᠵᠠᠭᠠᠷᠯᠠᠵᠤ᠂ ᠪᠦᠰᠡᠯᠡᠨ ᠬᠤᠷᠢᠵᠤ᠂ ᠳᠠᠷᠤᠯᠲᠠ ᠥᠭᠴᠦ᠂ ᠮᠠᠨ ᠤ ᠤᠯᠤᠰ ᠤᠨ | ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠬᠠᠲᠠᠭᠤ ᠴᠢᠩᠭ᠎ᠠ ᠰᠢᠯᠭᠠᠯᠲᠠ ᠶᠢ ᠠᠪᠴᠢᠷᠠᠭᠰᠠᠨ ᠪᠠᠶᠢᠨ᠎ᠠ᠃ | ᠡᠭᠦᠨ ᠤ ᠵᠡᠷᠭᠡ ᠪᠠᠷ ᠤᠯᠤᠰ ᠤᠨ ᠳᠣᠲᠣᠭᠠᠳᠤ ᠳᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠲᠠᠭᠢᠨ ᠳᠠᠪᠲᠠᠨ ᠳᠡᠯᠭᠡᠷᠡᠭᠰᠡᠨ᠂ ᠠᠵᠤ ᠠᠬᠤᠢ ᠤᠷᠤᠭᠤᠳᠠᠬᠤ ᠳᠠᠷᠤᠯᠲᠠ ᠨᠡᠮᠡᠭᠳᠡᠭᠰᠡᠨ ᠵᠡᠷᠭᠡ | ᠤᠯᠠᠨ ᠵᠦᠢᠯ ᠤᠨ ᠬᠦᠴᠢᠷᠳᠡᠯ ᠳᠤ ᠲᠤᠯᠭᠠᠷᠠᠪᠠ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠬᠦᠴᠢᠷ ᠢ ᠰᠥᠷᠦᠨ ᠤᠷᠤᠭᠰᠢᠯᠠᠵᠤ᠂ ᠯᠠᠪᠳᠠᠭᠤᠨ ᠢᠶᠠᠷ | ᠠᠷᠭᠠᠴᠠᠭᠠᠵᠤ᠂ ᠭᠠᠵᠢᠭᠤ ᠪᠤᠷᠤᠭᠤ ᠶᠢ ᠢᠲᠡᠭᠡᠭᠦ ᠦᠭᠡᠢ᠂ ᠳᠠᠷᠤᠯᠲᠠ ᠠᠴᠠ ᠠᠶᠤᠬᠤ ᠦᠭᠡᠢ᠂ ᠬᠦᠴᠢᠷ ᠠᠴᠠ | ᠵᠠᠶᠢᠯᠠᠬᠤ ᠦᠭᠡᠢ ᠪᠠᠶᠢᠵᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ | ᠳᠤᠮᠳᠠᠴᠢ ᠪᠠᠷ 5.2% ᠢᠶᠠᠷ ᠨᠡᠮᠡᠭᠳᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ | ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠠᠮ ᠪᠣᠯᠣᠨ ᠤᠯᠤᠰ ᠤᠨ | ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ | ᠠᠬᠢᠭᠤᠯᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠨ ᠳᠤ ᠣᠷᠣᠬᠤ ᠶᠢ ᠠᠬᠢᠭᠤᠯᠪᠠ᠃ 5 ᠵᠢᠯ ᠤᠨ ᠲᠤᠷᠰᠢᠬᠢ ᠠᠮᠵᠢᠯᠲᠠ ᠪᠦᠲᠦᠮᠵᠢ ᠪᠣᠯ | ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ | ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠪᠢ ᠨᠡᠮᠡᠷᠢ ᠰᠢᠩᠭᠡᠵᠦ ᠪᠠᠶᠢᠭ᠎ᠠ ᠶᠤᠮ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠨᠥᠬᠦᠴᠡᠯ ᠳᠤ ᠡᠭᠦᠰᠦᠭᠰᠡᠨ | ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ᠂ ᠡᠷᠬᠡᠪᠰᠢ ᠯᠠᠪᠳᠠᠭᠤᠨ ᠪᠣᠯᠭᠤᠮᠵᠢᠲᠠᠢ ᠪᠠᠶᠢᠵᠤ᠂ | ᠲᠣᠭᠲᠠᠯ ᠬᠦᠴᠦᠨ ᠢᠶᠠᠨ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠠᠵᠢᠯᠯᠠᠵᠤ | ᠂ ᠪᠦᠯᠬᠦᠮᠳᠡᠨ ᠨᠢᠭᠡᠳᠴᠦ᠂ ᠵᠣᠷᠢᠭᠲᠠᠢ ᠲᠡᠮᠡᠴᠡᠬᠦ ᠬᠡᠷᠡᠭᠲᠡᠢ᠃ ᠯᠠᠪᠳᠠᠭᠤᠨ ᠲᠣᠭᠲᠠᠭᠤᠨ ᠪᠠᠶᠢᠵᠤ᠂ ᠲᠣᠭᠲᠠᠯ | ᠬᠦᠴᠦᠨ ᠢᠶᠠᠨ ᠪᠠᠲᠤᠯᠠᠬᠤ ᠭᠡᠳᠡᠭ ᠨᠢ ᠳᠠᠷᠤᠢ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢ ᠯᠠᠪᠳᠠᠭᠤᠨ | ᠲᠣᠭᠲᠠᠭᠤᠨ ᠢᠶᠠᠷ ᠠᠵᠢᠭᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠯᠠᠪᠳᠠᠭᠤᠨ ᠢᠶᠠᠷ | ᠠᠷᠭᠠᠴᠠᠭᠠᠵᠤ᠂ ᠬᠤᠪᠢᠷᠠᠯᠲᠠ ᠶᠢ ᠵᠥᠪ ᠲᠠᠨᠢᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠪᠠᠨ | ᠴᠠᠭ ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠬᠤ ᠮᠥᠷᠲᠡᠭᠡᠨ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ ᠴᠢᠷᠮᠠᠶᠢᠵᠤ᠂ ᠡᠯ᠎ᠡ ᠵᠦᠢᠯ ᠤᠨ | ᠠᠶᠤᠯ ᠲᠦᠭᠰᠢᠭᠦᠷᠢ ᠠᠴᠠ ᠡᠮᠢᠶᠡᠭᠦ ᠦᠭᠡᠢ᠂ ᠨᠢᠭᠡᠨᠲᠡ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ | ᠵᠣᠷᠢᠵᠤ ᠡᠷᠡᠰ ᠭᠤᠶᠢᠪᠢᠰᠢ ᠦᠭᠡᠢ ᠤᠷᠤᠭᠰᠢᠯᠠᠬᠤ ᠶᠠᠪᠤᠳᠠᠯ ᠪᠣᠯᠣᠨ᠎ᠠ᠃ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠵᠤ᠂ ᠢᠳᠡᠪᠬᠢᠲᠡᠢ ᠪᠠᠷ ᠠᠵᠢᠯᠯᠠᠬᠤ ᠪᠣᠯ ᠳᠠᠷᠤᠢ ᠦᠨᠳᠦᠰᠦᠨ ᠴᠢᠭᠯᠡᠯ ᠢ ᠲᠣᠭᠲᠠᠭᠤᠨ ᠪᠠᠶᠢᠯᠭᠠᠬᠤ᠂ | ᠴᠢᠭᠯᠡᠯᠲᠡ ᠲᠦᠷᠦ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ᠂ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠣᠭᠲᠠᠭᠤᠨ ᠪᠠᠶᠢᠯᠭᠠᠬᠤ᠂ ᠰᠠᠭᠤᠷᠢ ᠶᠢ ᠪᠠᠲᠤ ᠰᠠᠬᠢᠬᠤ᠂ ᠯᠠᠪᠳᠠᠭᠤᠨ ᠲᠣᠭᠲᠠᠭᠤᠨ | ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠵᠣᠭᠰᠣᠩᠭᠢᠷᠠᠬᠤ ᠦᠭᠡᠢ | ᠪᠠᠶᠢᠵᠤ᠂ ᠲᠦᠷᠭᠡᠨ ᠪᠤᠯᠭᠠᠵᠤ ᠴᠢᠳᠠᠪᠠᠯ ᠲᠦᠷᠭᠡᠨ ᠪᠤᠯᠭᠠᠵᠤ᠂ ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠪᠠᠷ | ᠴᠢᠷᠮᠠᠶᠢᠬᠤ ᠶᠠᠪᠤᠳᠠᠯ ᠪᠣᠯᠣᠨ᠎ᠠ᠃ ᠪᠦᠯᠬᠦᠮᠳᠡᠨ ᠨᠢᠭᠡᠳᠴᠦ᠂ ᠵᠣᠷᠢᠭᠲᠠᠢ ᠪᠠᠷ ᠲᠡᠮᠡᠴᠡᠬᠦ ᠬᠡᠷᠡᠭᠲᠡᠢ᠃ ᠬᠦᠴᠦᠨ ᠴᠢᠳᠠᠯ | ᠭᠡᠵᠦ ᠪᠦᠯᠬᠦᠮᠳᠡᠯ ᠠᠴᠠ ᠢᠷᠡᠳᠡᠭ ᠶᠤᠮ᠃ ᠡᠳᠡᠭᠡᠷ ᠵᠢᠯ ᠤᠳ ᠲᠤ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ | ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ᠂ ᠶᠡᠭᠡ | ᠳᠠᠶᠢᠯᠠᠯᠳᠤᠭᠠᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ᠂ ᠳᠠᠶᠢᠯᠠᠯᠳᠤᠭᠠᠨ ᠨᠢᠭᠡ ᠪᠦᠷᠢ ᠨᠢ ᠴᠥᠮ ᠪᠦᠭᠦ | ᠠᠷᠠᠳ ᠲᠦᠮᠡᠨ ᠤ ᠪᠦᠯᠬᠦᠮᠳᠡᠨ ᠲᠡᠮᠡᠴᠡᠬᠦ᠂ ᠨᠤᠭᠤᠷᠠᠰᠢ ᠦᠭᠡᠢ ᠲᠡᠮᠡᠴᠡᠬᠦ ᠳᠤ ᠲᠦᠰᠢᠭᠯᠡᠨ ᠢᠯᠠᠯᠲᠠ ᠣᠯᠵᠤ | ᠢᠷᠡᠭᠰᠡᠨ ᠶᠤᠮ᠃ ᠢᠷᠡᠭᠡᠳᠦᠢ ᠶᠢᠨ ᠬᠡᠰᠡᠭ ᠬᠤᠭᠤᠴᠠᠭᠠᠨ ᠳᠤ᠂ ᠪᠢᠳᠡᠨ ᠳᠤ ᠲᠤᠯᠭᠠᠷᠠᠬᠤ ᠠᠶᠤᠯ ᠲᠦᠭᠰᠢᠭᠦᠷᠢ | ᠥᠷᠢᠰᠦᠯᠳᠦᠭᠡᠨ ᠤᠯᠠᠮ ᠠᠴᠠ ᠤᠯᠠᠮ ᠣᠯᠠᠰᠢᠷᠠᠵᠤ᠂ ᠤᠯᠠᠮ ᠠᠴᠠ ᠤᠯᠠᠮ ᠬᠦᠨᠳᠦ ᠬᠡᠴᠡᠭᠦᠦ ᠪᠤᠯᠬᠤ ᠪᠣᠯᠣᠨ᠎ᠠ᠃ | ᠭᠠᠭᠴᠠ ᠬᠦ ᠪᠦᠭᠦ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠵᠤ᠂ ᠤᠯᠠᠨ ᠤ ᠵᠣᠷᠢᠭ ᠢ ᠨᠢᠭᠡᠳᠬᠡᠵᠦ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ | ᠲᠡᠮᠡᠴᠡᠪᠡᠯ ᠰᠠᠶ᠋ᠢ ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠣᠯᠵᠤ ᠴᠢᠳᠠᠨ᠎ᠠ ᠭᠡᠵᠦ | ᠴᠢᠬᠤᠯᠠᠴᠢᠯᠠᠪᠠ᠃ | | ᠰᠢ ᠶᠢᠨ ᠫᠢᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠨᠠᠮ ᠤᠨ ᠤᠷᠳᠤ ᠬᠤᠭᠤᠴᠠᠭ᠎ᠠ ᠪᠠᠷ | ᠲᠦᠷᠦ ᠪᠠᠷᠢᠬᠤ᠂ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠬᠤᠣᠰ ᠵᠠᠭᠤᠨ ᠵᠢᠯ︾ | ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠴᠢᠬᠤᠯᠠ ᠬᠦᠴᠦᠨ ᠮᠥᠨ᠃ ᠪᠢᠳᠡ ᠢᠮᠠᠭᠲᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ | ᠥᠪᠡᠷ ᠤᠨ ᠬᠥᠮᠥᠨ ᠢᠶᠠᠨ ᠪᠣᠯᠭᠠᠨ ᠦᠵᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ | ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠲᠥᠭᠡᠷᠢᠭᠳᠡᠯ ᠳᠤ ᠲᠤᠯᠭᠠᠷᠠᠭᠰᠠᠨ ᠦᠶ᠎ᠡ ᠳᠤ ᠵᠢᠯᠣᠭᠤᠳᠤᠯᠭ᠎ᠠ ᠦᠵᠡᠭᠦᠯᠵᠡᠢ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠦᠯᠢᠶᠡᠰᠦᠯᠡᠵᠦ | ᠪᠠᠶᠢᠭ᠎ᠠ ᠳᠦᠷᠢᠮ ᠤᠨ ᠬᠠᠷᠰᠢ ᠰᠠᠭᠠᠳ ᠢ ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠳᠦᠷᠢᠮ | ᠪᠣᠯᠣᠨ ᠬᠠᠤᠯᠢ ᠴᠠᠭᠠᠵᠠ ᠶᠢᠨ ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ᠂ ᠵᠠᠬ᠎ᠠ ᠳᠡᠯᠭᠡᠭᠦᠷ ᠤᠨ ᠵᠢᠱᠢᠯᠲᠡ ᠪᠣᠯᠣᠨ ᠢᠲᠡᠭᠡᠯ ᠢ ᠬᠥᠭᠵᠢᠭᠡᠬᠦ | ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠠᠩ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠦᠢᠯᠡᠳᠪᠦᠷᠢ | ᠬᠤᠳᠠᠯᠳᠤᠭᠠᠨ ᠤ ᠬᠤᠪᠢ ᠡᠷᠦᠭᠡ ᠶᠢᠨ ᠬᠥᠭᠵᠢᠯᠲᠡ ᠶᠢ ᠳᠡᠮᠵᠢᠵᠦ᠂ ᠲᠠᠪᠴᠠᠩ ᠤᠨ ᠠᠵᠤ ᠠᠬᠤᠶᠢᠯᠠᠯ ᠤᠨ ᠠᠵᠢᠯ | ᠣᠯᠭᠤᠯᠲᠠ ᠶᠢ ᠡᠭᠦᠳᠭᠦ᠂ ᠬᠡᠷᠡᠭᠯᠡᠭᠡ ᠶᠢ ᠥᠷᠭᠡᠳᠬᠡᠬᠦ᠂ ᠣᠯᠠᠨ ᠤᠯᠤᠰ ᠤᠨ ᠥᠷᠢᠰᠦᠯᠳᠦᠭᠡᠨ ᠳᠤ ᠴᠢᠳᠠᠪᠤᠷᠢ ᠪᠠᠨ | ᠪᠠᠳᠠᠷᠠᠭᠤᠯᠬᠤ ᠶᠢ ᠳᠡᠮᠵᠢᠭᠦ ᠬᠡᠷᠡᠭᠲᠡᠢ᠃ ᠳᠣᠲᠣᠨᠣ ᠪᠥᠭᠡᠳ ᠲᠣᠳᠣᠷᠬᠠᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ | ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ᠂ | ᠲᠡᠳᠡᠨ ᠢ ᠵᠣᠷᠢᠭᠲᠠᠢ ᠠᠵᠢᠯᠯᠠᠵᠤ᠂ ᠳᠠᠷᠤᠭᠠᠰᠤ ᠦᠭᠡᠢ ᠪᠠᠷ ᠠᠵᠢᠯᠯᠠᠬᠤ ᠪᠤᠯᠭᠠᠵᠤ᠂ ᠨᠢᠭᠡ ᠰᠡᠳᠬᠢᠯ ᠨᠢᠭᠡ | ᠵᠣᠷᠢᠭ ᠢᠶᠠᠷ ᠬᠥᠭᠵᠢᠯᠲᠡ ᠶᠢ ᠬᠥᠭᠡᠭᠡᠴᠡᠯᠳᠦᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ | ᠵᠢᠯᠣᠭᠤᠳᠤᠮᠵᠢ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ︽ᠬᠤᠶᠠᠷ | ᠡᠷᠡᠰ ᠭᠤᠶᠢᠪᠢᠰᠢ ᠦᠭᠡᠢ ᠪᠠᠶᠢᠬᠤ︾᠂ ︽ᠬᠤᠶᠠᠷ ᠡᠷᠡᠭᠦᠯ︾ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ | ᠵᠥᠪ ᠣᠶᠢᠯᠠᠭᠠᠭᠤᠯᠵᠤ᠂ ᠡᠷᠡᠭᠡᠯᠵᠡᠯ ᠢ ᠨᠢ ᠠᠷᠢᠯᠭᠠᠵᠤ᠂ ᠳᠠᠷᠤᠭᠠᠰᠤ ᠶᠢ ᠨᠢ ᠬᠥᠩᠭᠡᠷᠡᠭᠦᠯᠵᠦ᠂ ᠵᠣᠷᠢᠭᠲᠠᠢ ᠪᠠᠷ | ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠣᠨ ᠲᠤᠯᠭᠠᠷᠠᠵᠤ | ᠪᠠᠶᠢᠭ᠎ᠠ ᠥᠷᠢᠰᠦᠯᠳᠦᠭᠡᠨ ᠢ ᠭᠦᠨᠵᠡᠭᠡᠢ ᠡᠵᠡᠮᠳᠡᠵᠦ᠂ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠵᠤ᠂ ᠠᠵᠤ | ᠦᠢᠯᠡᠰ ᠤᠨ ᠪᠦᠲᠦᠴᠡ ᠪᠠᠨ ᠲᠣᠬᠢᠷᠠᠭᠤᠯᠵᠤ᠂ ᠨᠡᠮᠡᠭᠳᠡᠯ ᠤᠨ ᠬᠥᠳᠡᠯᠭᠡᠭᠦ ᠬᠦᠴᠦᠨ ᠢᠶᠠᠨ ᠬᠤᠪᠢᠷᠠᠭᠤᠯᠵᠤ᠂ ᠭᠤᠣᠯ | ᠦᠢᠯᠡᠰ ᠢᠶᠠᠨ ᠪᠠᠲᠤ ᠰᠠᠬᠢᠵᠤ᠂ ᠪᠣᠳᠠᠲᠤ ᠴᠣᠭᠴᠠ ᠶᠢᠨ ᠦᠢᠯᠡᠰ ᠢᠶᠠᠨ ᠬᠦᠴᠦᠷᠬᠡᠭᠵᠢᠭᠦᠯᠵᠦ᠂ ᠤᠬᠠᠮᠰᠠᠷ ᠠᠴᠠ ᠪᠠᠨ | ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ᠴᠢᠳᠠᠪᠤᠷᠢ ᠲᠠᠢ᠂ ᠨᠥᠬᠦᠴᠡᠯ ᠲᠠᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠶᠢ ᠴᠢᠩᠭᠠᠳᠬᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠳᠤᠮᠳᠠ ᠨᠡᠩ ᠶᠡᠭᠡ ᠦᠢᠯᠡᠳᠦᠯ | ᠦᠵᠡᠭᠦᠯᠭᠦ ᠬᠡᠷᠡᠭᠲᠡᠢ᠃ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠨᠠᠩ ᠣᠯᠠᠨ ᠠᠷᠠᠳ ᠤᠨ ᠬᠥᠷᠥᠩᠭᠡ ᠶᠢᠨ ᠤᠯᠤᠰ ᠤᠨ ᠴᠢᠬᠤᠯᠠ ᠶᠡᠭᠡ ᠢᠨᠵᠧᠨᠧᠷᠢᠩ᠂ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠬᠤ ᠪᠠ ᠲᠠᠲᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ | ᠡᠯ᠎ᠡ ᠲᠥᠷᠥᠯ ᠤᠨ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ | ᠬᠥᠲᠥᠯᠥᠨ ᠵᠢᠯᠤᠭᠤᠳᠴᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠠᠷᠢᠯᠭᠠᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠴᠢ ᠪᠠᠷ ᠥᠷᠢᠰᠦᠯᠳᠦᠬᠦ᠂ | ᠥᠷᠢᠰᠦᠯᠳᠦᠨ ᠭᠦᠭᠵᠢᠭᠦ ᠣᠷᠴᠢᠨ ᠨᠥᠬᠦᠴᠡᠯ ᠢ ᠡᠭᠦᠳᠴᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠰᠡᠨ ᠦᠭᠡᠢ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤ ᠭᠡᠰᠡᠨ ᠦᠭᠡᠢ᠂ ᠴᠥᠮ ᠬᠠᠮᠲᠤ ᠪᠠᠷ ᠪᠠᠶᠠᠵᠢᠬᠤ ᠶᠢ | ᠠᠬᠢᠭᠤᠯᠬᠤ ᠴᠢᠬᠤᠯᠠ ᠬᠦᠴᠦᠨ ᠮᠥᠨ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠨᠡᠶᠢᠭᠡᠮ ᠤᠨ | ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤᠯᠤᠰ | ᠭᠡᠷ ᠤᠨ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠵᠦ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠷᠢᠳ ᠢᠶᠠᠷ ᠪᠠᠶᠠᠵᠢᠭᠰᠠᠨ ᠨᠢ ᠰᠡᠭᠦᠯᠡᠷ | ᠪᠠᠶᠠᠵᠢᠬᠤ ᠪᠠᠨ ᠳᠠᠶᠢᠴᠢᠯᠠᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠵᠤ | ᠠᠬᠤᠶᠢᠯᠠᠯ ᠤᠨ ᠳᠣᠲᠣᠭᠠᠳᠤ ᠳᠠᠭᠠᠨ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ | ᠂ ᠪᠦᠭᠦ ᠠᠵᠢᠯᠲᠠᠨ ᠤ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠵᠤ | ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠵᠢᠯᠲᠠᠨ ᠳᠤ ᠨᠠᠩ ᠡᠷᠬᠡ ᠲᠡᠭᠰᠢ ᠪᠠᠷ ᠬᠦᠷᠲᠡᠭᠡᠬᠦ | ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠬᠤᠷᠢᠭ᠎ᠠ ᠱᠤᠭᠤᠮ ᠢ ᠪᠠᠲᠤ | ᠴᠣᠭᠴᠠᠯᠠᠵᠤ᠂ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠵᠤ | ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠣᠰᠬᠠᠵᠤ ᠰᠢᠨ᠎ᠡ ᠶᠢ ᠡᠭᠦᠳᠭᠦ᠂ | ᠨᠡᠶᠢᠭᠡᠮ ᠳᠤ ᠠᠴᠢ ᠬᠠᠷᠢᠭᠤᠯᠠᠬᠤ ᠥᠯᠢᠭᠡᠷ ᠳᠠᠭᠤᠷᠢᠶᠠᠯ ᠪᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ | ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠪᠠ ᠡᠷᠭᠢᠯᠡᠵᠦ᠂ ᠪᠠᠶᠠᠵᠢᠭᠰᠠᠨ ᠴᠤ ᠬᠠᠷᠢᠭᠤᠴᠠᠯᠭ᠎ᠠ | ᠡᠭᠦᠷᠭᠡᠯᠡᠬᠦ᠂ ᠪᠠᠶᠠᠵᠢᠭᠰᠠᠨ ᠴᠤ ᠵᠢᠷᠤᠮ ᠢ ᠡᠷᠭᠢᠮᠯᠡᠭᠦ᠂ ᠪᠠᠶᠠᠵᠢᠭᠰᠠᠨ ᠴᠤ ᠬᠠᠶᠢᠷ᠎ᠠ ᠶᠢ ᠳᠡᠭᠡᠳᠦᠯᠡᠬᠦ ᠶᠢ ᠪᠡᠶᠡᠯᠡᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠱᠢ ᠲᠠᠢ ᠹᠧᠩ᠂ ᠾᠧ ᠯᠢ ᠹᠧᠩ᠂ ᠬᠤᠤ ᠮᠢᠩ ᠶᠢᠨ᠂ ᠭᠤᠤ ᠶᠦᠨ ᠯᠦᠩ ᠨᠠᠷ ᠳᠤᠭᠤᠶᠢᠯᠠᠩ | ᠬᠠᠮᠲᠤᠷᠠᠭᠰᠠᠨ ᠬᠤᠷᠠᠯ ᠳᠤ ᠣᠷᠣᠯᠴᠠᠪᠠ᠃ | |