ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠵᠦ ᠲᠡᠵᠢᠭᠡᠬᠦ ᠳᠤᠭᠤᠶᠢᠯᠠᠩ ᠲᠦᠴᠢᠦᠸᠠᠨ ᠰᠢᠶᠠᠨ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/9
 3  ᠰᠠᠷ᠎ᠠ ᠶᠢᠨ 2 ᠤ ᠡᠳᠦᠷ᠂ ᠪᠡᠭᠡᠵᠢᠩ ᠬᠤᠲᠠ ᠶᠢᠨ ᠲᠤᠰᠠᠯᠠᠨ ᠳᠡᠮᠵᠢᠬᠦ ᠬᠠᠮᠲᠤᠷᠠᠨ ᠠᠵᠢᠯᠯᠠᠬᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠸᠠᠩ ᠵᠤᠤ ᠯᠦᠩ ᠪᠡᠭᠡᠵᠢᠩ ᠤᠨ ᠠᠮᠤ ᠪᠤᠳᠠᠭᠠᠨ ᠤ ᠪᠦᠯᠦᠭᠯᠡᠯ᠂ ᠪᠡᠭᠡᠵᠢᠩ ᠤᠨ ᠵᠢᠩ ᠯᠢᠶᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠬᠤᠩ ᠹᠦ᠋ ᠲᠠᠷᠢᠶᠠᠯᠠᠩ ᠤᠨ ᠬᠥᠭᠵᠢᠭᠦᠯᠦᠯᠲᠡ ᠶᠢᠨ ᠪᠦᠯᠦᠭᠯᠡᠯ᠂ ᠪᠡᠭᠡᠵᠢᠩ ᠤᠨ ᠰᠢᠨ ᠹᠠ ᠳ᠋ᠢ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ ᠵᠦᠩ ᠪᠥᠸᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠷᠢᠳᠢ ᠰᠢᠳᠢ ᠲᠠᠢ ᠬᠢᠩᠭᠠᠨ ᠠᠶᠠᠯᠠᠯ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠵᠤ ᠲᠡᠵᠢᠭᠡᠬᠦ ᠳᠤᠭᠤᠶᠢᠯᠠᠩ ᠤᠨ ᠬᠡᠰᠡᠭ ᠪᠡᠭᠡᠵᠢᠩ ᠬᠤᠳᠠ ᠶᠢᠨ ᠠᠵᠤ ᠠᠬᠤᠶᠢᠯᠠᠯ ᠢ ᠳᠠᠭᠠᠭᠤᠯᠤᠨ ᠲᠦᠴᠢᠦᠸᠠᠨ ᠰᠢᠶᠠᠨ ᠳᠤ ᠰᠢᠨᠵᠢᠯᠡᠨ ᠪᠠᠶᠢᠴᠠᠭᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠦ ᠵᠧᠩ ᠴᠦᠨ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠠᠶᠢᠨᠬᠤᠸᠠᠷ ᠲᠣᠭᠤᠷᠢᠭ ᠤᠨ ᠣᠶᠤᠨᠲᠤ ᠲᠥᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠱᠤ᠋ ᠭᠤᠸᠠᠩ ᠬᠦᠷᠢᠶᠡᠯᠡᠩ ᠲᠣᠭᠤᠷᠢᠭ ᠤᠨ ᠯᠢᠦᠢ ᠹᠧᠩ ᠴᠢᠤᠸᠠᠨ ᠠᠯᠠᠰᠢᠨ ᠦᠬᠡᠷ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠯᠢᠦᠢ ᠹᠧᠩ ᠴᠢᠤᠸᠠᠨ ᠬᠦᠢᠲᠡᠨ ᠬᠡᠯᠬᠢᠶᠡᠲᠦ ᠡᠳ᠋ᠰᠢᠭᠦᠯᠦᠯᠲᠡ ᠶᠢᠨ ᠲᠥᠪ ᠵᠡᠷᠭᠡ ᠭᠠᠵᠠᠷ ᠲᠤ ᠭᠦᠨᠵᠡᠭᠡᠶᠢᠷᠡᠪᠡ᠃ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠠᠵᠤ ᠠᠬᠤᠶᠢᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠲᠥᠯᠦᠪᠵᠢᠭᠦᠯᠭᠡ ᠵᠢᠴᠢ ᠲᠥᠷᠥᠯ ᠵᠦᠢᠯ ᠤᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠨ᠎ᠠ᠃   ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ ᠪᠠᠷ ᠳᠠᠮᠵᠢᠨ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠮᠠᠨ ᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠰᠠᠶᠢᠨ᠂ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠭᠡᠵᠦ ᠦᠵᠡᠭᠡᠳ᠂ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠭᠦᠨᠵᠡᠭᠡᠢ ᠬᠠᠮᠵᠢᠯᠴᠠᠨ ᠰᠤᠳᠤᠯᠬᠤ ᠪᠠᠷ ᠪᠠᠶᠢᠨ᠎ᠠ ᠭᠡᠵᠦ ᠢᠯᠡᠳᠬᠡᠪᠡ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号