ᠥᠪᠥᠷ ᠮᠣᠩᠭᠤᠯ ᠤᠨ ᠬᠢᠩᠭᠠᠨ ᠠᠶᠢᠮᠠᠭ ᠤᠨ ᠡᠨᠧᠷᠬᠢ ᠶᠢᠨ ᠪᠦᠲᠦᠭᠡᠨ ᠪᠠᠶᠢᠭᠤᠯᠤᠯᠳᠠ ᠶᠢᠨ 20 ᠲᠦᠮᠡᠨ ᠺᠢᠯᠣᠸᠠᠲ ᠤᠨ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠᠶᠢᠭᠤᠯᠵᠤ ᠳᠡᠶᠢᠯᠬᠦ ᠢᠨᠵᠧᠨᠧᠷᠢᠩ ᠤᠨ ᠰᠤᠳᠤᠯᠤᠨ ᠦᠨᠡᠯᠡᠬᠦ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/3/9
  3 ᠳ᠋ᠤᠭᠠᠷ ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠥᠪᠥᠷ ᠮᠣᠩᠭᠤᠯ ᠤᠨ ᠬᠢᠩᠭᠠᠨ ᠠᠶᠢᠮᠠᠭ ᠤᠨ ᠡᠨᠧᠷᠬᠢ ᠶᠢᠨ ᠪᠦᠲᠦᠭᠡᠨ ᠪᠠᠶᠢᠭᠤᠯᠤᠯᠳᠠ ᠶᠢᠨ 20 ᠲᠦᠮᠡᠨ ᠺᠢᠯᠣᠸᠠᠲ ᠤᠨ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠᠶᠢᠭᠤᠯᠬᠤ ᠢᠨᠵᠧᠨᠧᠷᠢᠩ ᠤᠨ ᠰᠤᠳᠤᠯᠤᠨ ᠦᠨᠡᠯᠡᠬᠦ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠤᠮᠳᠠᠳᠤ ᠤᠯᠤᠰ  ᠤᠨ ᠡᠨᠧᠷᠬᠢ ᠶᠢᠨ ᠪᠦᠲᠦᠭᠡᠨ ᠪᠠᠶᠢᠭᠤᠯᠤᠯᠳᠠ ᠶᠢᠨ ᠪᠦᠯᠦᠭᠯᠡᠯ ᠤᠨ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠥᠩ ᠢᠦᠢ ᠸᠧᠨ ᠬᠤᠷᠠᠯ ᠡᠷᠭᠢᠯᠡᠪᠡ᠃    ᠥᠪᠥᠷ ᠮᠣᠩᠭᠤᠯ ᠤᠨ ᠬᠢᠩᠭᠠᠨ ᠠᠶᠢᠮᠠᠭ ᠤᠨ ᠡᠨᠧᠷᠬᠢ ᠶᠢᠨ ᠪᠦᠲᠦᠭᠡᠨ ᠪᠠᠶᠢᠭᠤᠯᠤᠯᠳᠠ ᠶᠢᠨ 20 ᠲᠦᠮᠡᠨ ᠺᠢᠯᠣᠸᠠᠲ ᠤᠨ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠳᠤᠮᠳᠠᠳᠤ ᠤᠯᠤᠰ ᠤᠨ ᠡᠨᠧᠷᠬᠢ ᠶᠢᠨ ᠪᠦᠲᠦᠭᠡᠨ ᠪᠠᠶᠢᠭᠤᠯᠤᠯᠳᠠ ᠶᠢᠨ ᠪᠦᠯᠦᠭᠯᠡᠯ ᠤᠨ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠪᠡᠯᠡ ᠭᠠᠷᠭᠠᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠲᠣᠰ ᠲᠥᠷᠥᠯ ᠵᠦᠢᠯ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠶᠠᠭᠳᠠᠮᠠᠯ ᠠᠭᠤᠷᠬᠠᠢ ᠶᠢᠨ ᠣᠷᠣᠨ ᠢ ᠠᠰᠢᠭᠯᠠᠨ ᠬᠥᠮᠥᠨ ᠤ ᠬᠦᠴᠦᠨ ᠤ ᠠᠭᠤᠷᠬᠠᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠢᠬᠦ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠪᠡᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠨᠢᠭᠡᠨ ᠲᠣᠮᠣ ᠶᠠᠪᠤᠳᠠᠯ ᠮᠥᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠼᠠᠢ ᠪᠦᠦ ᠵᠢᠶᠦ᠋ᠨ ᠶᠠᠷᠢᠶᠠᠨ ᠳᠠᠭᠠᠨ᠂ ᠣᠶᠢᠷ᠎ᠠ ᠶᠢᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ᠨᠠᠮ ᠤᠨ ᠲᠥᠪ ᠬᠤᠷᠢᠶᠠᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠤᠨ  ᠬᠢᠨ 20 ᠲᠦᠮᠡᠨ ᠺᠢᠯᠣᠸᠠᠲ ᠤᠨ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠢᠨᠵᠧᠨᠧᠷᠢᠩ ᠤᠨ ᠲᠥᠷᠥᠯ ᠵᠦᠢᠯ ᠢ ᠪᠠᠶᠢᠭᠤᠯᠵᠤ ᠳᠡᠶᠢᠯᠬᠦ ᠪᠣᠯᠤᠭᠰᠠᠨ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠬᠡᠪᠴᠢᠶᠡᠵᠢᠯ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ︽ᠲᠦᠷᠦᠯ ᠵᠦᠢᠯ ᠢᠶᠠᠷ ᠭᠤᠣᠯ ᠪᠣᠯᠭᠠᠵᠤ᠂ ᠠᠷᠠᠯᠵᠢᠶᠠᠴᠢᠨ ᠤᠷᠢᠬᠤ ᠪᠠᠷ ᠭᠤᠣᠯ ᠪᠣᠯᠭᠠᠵᠤ᠂ ᠪᠣᠳᠠᠲᠠᠢ ᠪᠠᠷ ᠨᠠᠶᠢᠳᠠᠪᠤᠷᠢᠵᠢᠭᠤᠯᠬᠤ ᠪᠠᠷ ᠶᠡᠭᠡ ᠪᠣᠯᠭᠠᠬᠤ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ︽ᠬᠦᠯᠢᠶᠡᠵᠦ ᠳᠡᠶᠢᠯᠬᠦ ᠦᠭᠡᠢ︾ ᠲᠦᠭᠰᠢᠭᠦᠷᠢᠲᠦ ᠰᠡᠳᠬᠢᠯᠭᠡ᠂ ︽ᠤᠳᠠᠭᠠᠰᠢᠷᠠᠭᠤᠯᠵᠤ ᠪᠣᠯᠬᠤ ᠦᠭᠡᠢ︾ ᠪᠠᠴᠢᠮ ᠲᠤᠯᠭᠠᠮ᠎ᠠ ᠰᠡᠳᠬᠢᠯᠭᠡ᠂ ︽ᠰᠠᠭᠤᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ᠂ ᠬᠠᠮᠤᠭ ᠤᠨ ᠶᠡᠭᠡ ᠦᠨᠡᠨᠴᠢ ᠰᠡᠳᠬᠢᠯ᠂ ᠬᠠᠮᠤᠭ ᠤᠨ ᠰᠠᠶᠢᠨ ᠲᠥᠷᠥ ᠶᠢᠨ ᠪᠣᠳᠣᠯᠭ᠎ᠠ᠂ ᠬᠠᠮᠤᠭ ᠤᠨ ᠰᠢᠯᠢᠳᠡᠭ ᠣᠷᠴᠢᠨ ᠲᠣᠭᠤᠷᠢᠨ ᠢᠶᠠᠷ ᠲᠥᠷᠥᠯ ᠵᠦᠢᠯ ᠢ ᠲᠦᠯᠬᠢᠨ ᠠᠬᠢᠭᠤᠯᠬᠤ ᠳᠤᠮᠳᠠᠬᠢ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠢᠨᠠᠨ ᠵᠥᠪᠰᠢᠶᠡᠷᠡᠬᠦ᠂ ᠭᠠᠵᠠᠷ ᠰᠢᠷᠣᠢ᠂ ᠪᠡᠯᠡ ᠮᠥᠩᠭᠦ ᠵᠡᠷᠭᠡ ᠬᠦᠴᠦᠨ ᠵᠦᠢᠯ ᠢ ᠪᠥᠬᠦ ᠲᠠᠯ᠎ᠠ ᠪᠠᠷ ᠪᠠᠲᠤᠯᠠᠵᠤ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠤᠨ᠎ᠠ ᠬᠡᠵᠡᠢ᠃ ᠬᠢᠨᠠᠨ ᠲᠣᠭᠲᠠᠭᠠᠬᠤ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠬᠥᠮᠥᠨ ᠤ ᠬᠦᠴᠦᠨ ᠤ ᠠᠭᠤᠷᠬᠠᠢ ᠶᠢᠨ ᠬᠡᠢ ᠬᠠᠳᠠᠭᠠᠯᠠᠬᠤ ᠮᠡᠷᠭᠡᠵᠢᠯ ᠨᠢ 20 ᠲᠦᠮᠡᠨ ᠺᠢᠯᠣᠸᠠᠲ ᠤᠨ ᠲᠠᠰ ᠤᠨ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠳᠤ ᠨᠠᠩ ᠠᠮᠢᠳᠤᠯᠢᠭ ᠭᠠᠵᠠᠷ ᠰᠣᠩᠭᠤᠬᠤ ᠪᠦᠲᠦᠭᠡᠨ ᠪᠠᠶᠢᠭᠤᠯᠤᠯᠲᠠ ᠶᠢ ᠬᠠᠩᠭᠠᠵᠤ᠂ ᠲᠡᠭᠦᠨ ᠤ ᠥᠷᠭᠡᠨ ᠢᠶᠠᠷ ᠳᠡᠯᠭᠡᠷᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠬᠤᠰᠢᠭᠤᠨ ᠤ ᠤᠳᠤᠷᠢᠳᠤᠯᠭ᠎ᠠ ᠴᠧᠨ ᠴᠢᠩ ᠬᠤᠸᠠ᠂ ᠪᠦᠦ ᠭᠦᠸᠧ ᠵᠥᠩ ᠵᠢᠴᠢ ᠠᠶᠢᠮᠠᠭ᠂ ᠬᠤᠰᠢᠭᠤᠨ ᠤ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠴᠠᠬᠢᠯᠭᠠᠨ ᠬᠦᠴᠦᠨ ᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠶᠡᠷᠦᠩᠬᠡᠢ ᠬᠦᠷᠢᠶᠡᠯᠡᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠥᠪᠯᠡᠭᠴᠢ ᠶᠢᠨ ᠪᠦᠯᠦᠭᠯᠡᠯ ᠤᠨ ᠵᠡᠭᠦᠨ ᠬᠤᠶᠢᠲᠤ ᠶᠢᠨ ᠴᠠᠬᠢᠯᠭᠠᠨ ᠬᠦᠴᠦᠨ ᠤ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠬᠠᠨ ᠤ ᠬᠠᠳᠠᠨ ᠰᠢᠷᠣᠢ ᠶᠢᠨ ᠬᠦᠴᠦᠨ ᠤ ᠤᠬᠠᠭᠠᠨ ᠤ ᠰᠤᠳᠤᠯᠭᠠᠨ ᠤ ᠭᠠᠵᠠᠷ᠂ ᠴᠢᠩᠳᠣᠣ ᠶᠢᠨ ᠴᠧᠩ ᠲᠠᠢ ᠪᠣᠬᠢᠷᠳᠤᠯ ᠦᠭᠡᠢ ᠡᠨᠧᠷᠭᠢ ᠶᠢᠨ ᠬᠢᠵᠠᠭᠠᠷᠲᠤ ᠺᠣᠮᠫᠠᠨᠢ᠂ ᠠᠲ᠋ᠥᠰ ᠤᠨ ᠶᠠᠩ ᠭᠤᠸᠠᠩ ᠴᠠᠬᠢᠯᠭᠠᠨ ᠬᠦᠴᠦᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠬᠠᠮᠢᠶ᠎ᠠ ᠪᠦᠬᠦᠢ ᠬᠦᠮᠦᠰ ᠤᠷᠤᠯᠴᠠᠪᠠ    
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号