ᠬᠢᠩᠭᠠᠨ ᠠᠶᠢᠮᠠᠭ ᠤᠨ 5 ᠬᠥᠮᠦᠨ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ᠰᠢᠨ᠎ᠡ ᠶᠢ ᠡᠭᠦᠳᠬᠦ  ᠦᠢᠯᠡᠰ ᠴᠣᠭᠴᠠᠯᠠᠬᠤ ᠵᠠᠯᠠᠭᠤ ᠴᠢᠳᠠᠪᠤᠷᠢᠲᠠᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/3/9
    2022 ᠣᠨ ᠤ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠵᠠᠯᠠᠭᠤ ᠴᠢᠳᠠᠪᠤᠷᠢᠲᠠᠨ ᠤ ᠰᠢᠯᠭᠠᠷᠠᠭᠤᠯᠤᠯᠲᠠ ᠳᠤ᠂ ᠬᠢᠩᠭᠠᠨ ᠠᠶᠢᠮᠠᠭ ᠤᠨ 5 ᠬᠥᠮᠦᠨ ᠰᠣᠩᠭᠤᠭᠳᠠᠵᠠᠶ᠃ ᠡᠭᠦᠨ ᠳᠤ᠂ 3 ᠬᠥᠮᠦᠨ ᠨᠢ ᠬᠤᠶᠠᠳᠤᠭᠠᠷ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠢᠶᠠᠷ ᠰᠣᠩᠭᠤᠭᠳᠠᠵᠤ᠂ 2 ᠬᠥᠮᠦᠨ ᠨᠢ ᠦᠢᠯᠡᠰ ᠪᠤᠰᠬᠠᠬᠤ ᠵᠠᠯᠠᠭᠤ ᠴᠢᠳᠠᠪᠤᠷᠢᠲᠠᠨ ᠢᠶᠠᠷ ᠰᠣᠩᠭᠤᠭᠳᠠᠵᠤ᠂ ᠬᠥᠮᠦᠵᠢᠭᠦᠯᠬᠦ ᠬᠤᠭᠤᠴᠠᠭ᠎ᠠ ᠨᠢ ᠴᠥᠮ ᠨᠢᠭᠡ ᠵᠢᠯ ᠪᠣᠯᠤᠨ᠎ᠠ᠃    ᠰᠢᠨ᠎ᠡ ᠶᠢ ᠡᠭᠦᠳᠬᠦ ᠴᠢᠳᠠᠪᠤᠷᠢᠲᠠᠨ ᠪᠣᠯ᠄ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠯᠢ ᠲᠢᠶᠠᠨ ᠬᠤᠸᠠ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠥᠷᠲᠡᠭᠡ ᠶᠢᠨ ᠯᠢ ᠴᠧᠩ ᠵᠢᠶᠤᠤ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠦᠨ ᠤᠷᠠᠨ᠎ᠠ ᠪᠣᠯᠤᠨ᠎ᠠ᠃     ᠦᠢᠯᠡᠰ ᠴᠣᠭᠴᠠᠯᠠᠬᠤ ᠴᠢᠳᠠᠪᠤᠷᠢᠲᠠᠨ ᠨᠢ ᠲᠣᠰ ᠲᠣᠰ᠄ ᠵᠥᠩ ᠱᠧᠩ ᠯᠦᠩ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠬᠥᠩ ᠰᠢᠶᠤᠤ ᠳ᠋ᠦᠩ᠂ ᠥᠪᠥᠷ ᠮᠣᠩᠭᠤᠯ ᠤᠨ ᠲᠢᠶᠠᠨ ᠵᠢᠶ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠯᠢᠦ  ᠮᠧᠩ ᠪᠣᠯᠤᠨ᠎ᠠ᠃
 
ᠢᠷᠡᠯᠲᠡ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号