︽  ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠬᠥᠭᠵᠢᠯᠲᠡ ᠶᠢ ᠮᠥᠩᠭᠦᠨ ᠭᠦᠢᠯᠭᠡᠭᠡᠨ ᠢᠶᠠᠷ ᠳᠡᠮᠵᠢᠬᠦ 9  ᠵᠦᠢᠯ ᠤᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/3/9
   ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠬᠤᠲᠠ ᠶᠢᠨ ᠮᠥᠩᠭᠦᠨ  ᠭᠦᠢᠯᠭᠡᠭᠡᠨ ᠤ ᠠᠯᠪᠠᠨ ᠬᠡᠷ᠂ ᠪᠠᠩᠬᠢ ᠶᠢᠨ ᠦᠢᠯᠡᠰ ᠤᠨ ᠮᠥᠩᠭᠦᠨ  ᠭᠦᠢᠯᠭᠡᠭᠡᠨ ᠤ ᠪᠠᠶᠢᠭᠤᠯᠤᠮᠵᠢ᠄       ︽ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠬᠥᠭᠵᠢᠯᠲᠡ ᠶᠢ ᠮᠥᠩᠭᠦᠨ ᠭᠦᠢᠯᠭᠡᠭᠡᠨ ᠢᠶᠠᠷ ᠳᠡᠮᠵᠢᠬᠦ 9 ᠵᠦᠢᠯ ᠤᠨ ᠠᠷᠭ᠎ᠠ ᠬᠡᠮᠵᠢᠶ᠎ᠡ︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠤᠱᠯᠠᠭᠤᠯᠤᠨ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠶ᠃                  ᠬᠢᠩᠭᠠᠨ ᠠᠶᠢᠮᠠᠭ ᠤᠨ ᠵᠠᠬᠢᠷᠭ᠎ᠠ ᠶᠢᠨ ᠮᠥᠩᠭᠦᠨ  ᠭᠦᠢᠯᠭᠡᠭᠡᠨ ᠤ ᠠᠵᠢᠯ ᠤᠨ ᠠᠯᠪᠠᠨ ᠬᠡᠷ      ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ ᠬᠢᠩᠭᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ    ︽ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠬᠥᠭᠵᠢᠯᠲᠡ ᠶᠢ  ᠮᠥᠩᠭᠦᠨ ᠭᠦᠢᠯᠭᠡᠭᠡᠨ ᠢᠶᠠᠷ ᠳᠡᠮᠵᠢᠬᠦ 9 ᠵᠦᠢᠯ ᠤᠨ ᠠᠷᠭ᠎ᠠ ᠬᠡᠮᠵᠢᠶ᠎ᠡ︾    ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠴᠢᠬᠤᠯᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠶᠢ ᠬᠦᠴᠦᠯᠡᠨ ᠰᠢᠢᠳᠪᠦᠷᠢᠯᠡᠵᠦ᠂ ᠬᠢᠩᠭᠠᠨ ᠠᠶᠢᠮᠠᠭ ᠤᠨ ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ︽ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠬᠥᠭᠵᠢᠯᠲᠡ ᠶᠢ ᠮᠥᠩᠭᠦᠨ  ᠭᠦᠢᠯᠭᠡᠭᠡᠨ ᠢᠶᠠᠷ ᠳᠡᠮᠵᠢᠬᠦ 9 ᠵᠦᠢᠯ ᠤᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃    ᠨᠢᠭᠡ᠂ ᠶᠡᠷᠦᠩᠬᠡᠶ ᠰᠡᠳᠬᠢᠴᠡ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ  ᠰᠢᠢᠳᠪᠦᠷᠢᠯᠡᠬᠦ  ᠰᠢᠢᠳᠪᠦᠷᠢᠳᠦ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠮᠥᠩᠭᠦᠨ ᠭᠦᠢᠯᠭᠡᠭᠡᠨ ᠤ  ᠦᠢᠯᠡᠴᠢᠯᠡᠭᠡ ᠶᠢ ᠴᠢᠩᠭᠠᠷᠠᠭᠤᠯᠬᠤ ᠪᠠᠷ ᠬᠦᠴᠦᠯᠡᠬᠦ ᠴᠡᠭ ᠪᠣᠯᠭᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ᠮᠥᠩᠭᠦᠨ ᠭᠦᠢᠯᠭᠡᠭᠡᠨ ᠤ  ᠦᠢᠯᠡᠳᠭᠦᠨ ᠤ ᠰᠢᠨ᠎ᠡ ᠶᠢ ᠡᠭᠦᠳᠴᠦ᠂ ᠨᠠᠷᠢᠯᠢᠭ ᠣᠨᠣᠴᠠᠲᠠᠶ  ᠦᠢᠯᠡᠴᠢᠯᠡᠬᠦ ᠶᠢ ᠬᠡᠷᠡᠭᠵᠢᠭᠦᠯᠦᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠮᠥᠩᠭᠦᠨ  ᠭᠦᠢᠯᠭᠡᠭᠡᠨ ᠤ  ᠦᠢᠯᠡᠴᠢᠯᠡᠭᠡᠨ ᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃    ᠬᠤᠶᠠᠷ᠂ ᠦᠨᠳᠦᠰᠦᠨ ᠵᠠᠷᠴᠢᠮ    ︵ᠨᠢᠭᠡ︶ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠦᠨ᠎ᠡ᠃ ᠠᠳᠠᠯᠢ ᠪᠤᠰᠤ ᠬᠤᠰᠢᠭᠤ ᠰᠢᠶᠠᠨ ᠬᠤᠲᠠ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ᠂ ᠠᠵᠤ  ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠵᠢᠴᠢ ᠠᠳᠠᠯᠢ ᠪᠤᠰᠤ ᠡᠵᠡᠩᠨᠡᠯᠲᠡ ᠶᠢᠨ ᠭᠤᠤᠯ ᠴᠣᠭᠴᠠ ᠶᠢᠨ ᠰᠠᠭᠤᠷᠢ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠵᠤ᠂ ᠲᠥᠷᠥᠯ  ᠵᠦᠢᠯ ᠬᠤᠪᠢᠶᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ︽ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠬᠥᠭᠵᠢᠯᠲᠡ ᠶᠢ ᠮᠥᠩᠭᠦᠨ  ᠭᠦᠢᠯᠭᠡᠭᠡᠨ ᠢᠶᠠᠷ ᠳᠡᠮᠵᠢᠬᠦ 9 ᠵᠦᠢᠯ ᠤᠨ ᠠᠷᠭ᠎ᠠ ᠬᠡᠮᠵᠢᠶ᠎ᠡ︾ ᠶᠢ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ  ᠦᠢᠯᠡᠴᠢᠯᠡᠭᠡᠨ ᠤ ᠴᠢᠭᠯᠡᠭᠦᠯᠦᠯᠲᠦ ᠴᠢᠨᠠᠷ ᠢ ᠴᠢᠩᠭᠠᠷᠠᠭᠤᠯᠤᠨ᠎ᠠ᠃    ︵ᠬᠤᠶᠠᠷ︶ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠨᠠᠷᠢᠯᠢᠭ ᠣᠨᠣᠴᠠᠲᠠᠶ ᠪᠠᠷ  ᠦᠢᠯᠡᠴᠢᠯᠡᠨ᠎ᠡ᠃ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠬᠦᠨ᠂ ᠵᠦᠷᠢᠶᠡᠴᠢᠯᠡᠭᠰᠡᠨ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠪᠠ ᠤᠯᠠᠨ ᠡᠰᠢᠴᠢᠯᠡᠭᠰᠡᠨ ᠪᠡᠯᠡ ᠲᠤᠬᠢᠷᠠᠭᠤᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠤᠳᠤ ᠦᠶ᠎ᠡ ᠶᠢᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ ᠶᠢ ᠬᠡᠷᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ᠎ᠡ᠃    ᠭᠤᠷᠪᠠ᠂ ᠭᠤᠣᠯ ᠠᠭᠤᠯᠭ᠎ᠠ    ︵ᠨᠢᠭᠡ︶ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠪᠠᠩᠬᠢ ᠶᠢᠨ  ᠦᠢᠯᠡᠰ ᠤᠨ ᠮᠥᠩᠭᠦᠨ  ᠭᠦᠢᠯᠭᠡᠭᠡᠨ ᠤ ᠪᠠᠶᠢᠭᠤᠯᠤᠮᠵᠢ ᠨᠢ ᠤᠯᠤᠰ ᠤᠨ ︽ᠰᠦᠢᠳᠭᠡᠯ ᠢ ᠪᠠᠭᠠᠰᠬᠠᠵᠤ ᠠᠰᠢᠭ ᠣᠯᠭᠤᠬᠤ︾ ᠤᠷᠢᠶᠠᠯᠠᠭ᠎ᠠ ᠶᠢ ᠢᠳᠡᠪᠬᠢᠲᠡᠶ ᠪᠠᠷ ᠳᠠᠭᠠᠵᠤ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ LPR ᠶᠢᠨ ᠮᠡᠳᠡᠭᠦᠯᠦᠭᠰᠡᠨ ᠦᠨ᠎ᠡ ᠪᠠᠷ ᠪᠤᠳᠤᠬᠤ ᠶᠢ ᠪᠠᠲᠤᠯᠠᠨ᠎ᠠ᠃    ︵ᠬᠤᠶᠠᠷ︶ ᠠᠮᠤ ᠪᠤᠳᠠᠭᠠᠨ ᠤ ᠠᠮᠤᠷ ᠲᠦᠪᠰᠢᠨ ᠤ ᠮᠥᠩᠭᠦᠨ ᠭᠦᠢᠯᠭᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠨᠢ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠥᠩᠭᠦ ᠶᠢᠨ ᠬᠠᠩᠭᠠᠯᠭ᠎ᠠ ᠶᠢᠨ ᠭᠤᠣᠯ ᠠᠷᠭ᠎ᠠ ᠵᠠᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠥᠪ ᠤᠨ ᠨᠥᠭᠡᠴᠡ ᠠᠮᠤ ᠪᠤᠳᠠᠭᠠᠨ ᠤ ᠨᠥᠭᠡᠴᠡ ᠶᠢ ᠨᠡᠮᠡᠭᠳᠡᠭᠦᠯᠬᠦ᠂ ᠡᠭᠡᠯᠵᠢᠯᠡᠨ ᠰᠣᠯᠢᠬᠤ ᠪᠠ ᠠᠮᠤ ᠪᠤᠳᠠᠭ᠎ᠠ ᠶᠢ ᠬᠠᠮᠤᠭ ᠤᠨ ᠳᠣᠣᠷ᠎ᠠ ᠦᠨ᠎ᠡ ᠪᠠᠷ ᠬᠤᠳᠠᠯᠳᠤᠨ ᠠᠪᠬᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠠᠩᠭᠠᠯᠭ᠎ᠠ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠪᠠᠲᠤᠯᠠᠬᠤ ᠬᠡᠷᠡᠭᠲᠡᠶ︔ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠠᠮᠤ ᠪᠤᠳᠠᠭ᠎ᠠ ᠬᠤᠳᠠᠯᠳᠤᠨ ᠠᠪᠴᠤ ᠡᠳ᠋ᠰᠢᠭᠦᠯᠬᠦ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠮᠤ ᠪᠤᠳᠠᠭ᠎ᠠ ᠶᠢ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠳᠤ ᠢᠳᠡᠪᠬᠢᠲᠡᠶ ᠣᠷᠣᠯᠴᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ᠂ ᠠᠮᠤ ᠪᠤᠳᠠᠭᠠᠨ ᠤ ᠭᠦᠢᠯᠭᠡᠭᠡᠨ ᠤ ᠬᠤᠳᠠᠯᠳᠤᠨ ᠠᠪᠴᠤ ᠨᠥᠭᠡᠴᠡᠯᠡᠵᠦ ᠡᠳ᠋ᠰᠢᠭᠦᠯᠬᠦ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠢᠲᠡᠭᠡᠮᠵᠢᠲᠦ ᠵᠢᠭᠡᠯᠡᠯᠭᠡ ᠶᠢᠨ ᠴᠤᠪᠤᠷᠠᠯ ᠢ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠤ  ᠦᠢᠯᠡᠴᠢᠯᠡᠭᠡ ᠶᠢ ᠴᠢᠩᠭᠠᠷᠠᠭᠤᠯᠵᠤ᠂ ᠵᠦᠷᠢᠶᠡᠴᠢᠯᠡᠭᠰᠡᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠠᠷᠭ᠎ᠠ ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠲᠦᠷᠢᠮ ᠢ ᠪᠠᠶᠢᠭᠤᠯᠵᠤ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢᠨ ᠳᠡᠮᠵᠢᠯᠭᠡ ᠶᠢᠨ ᠪᠠᠶᠢᠳᠠᠯ ᠪᠠ ᠠᠮᠤ ᠪᠤᠳᠠᠭᠠᠨ ᠤ ᠠᠵᠤ ᠠᠬᠤᠶᠢᠯᠠᠯ ᠤᠨ ᠬᠤᠳᠠᠯᠳᠤᠨ ᠠᠪᠬᠤ ᠠᠬᠢᠴᠠ ᠶᠢ ᠬᠥᠳᠡᠯᠦᠩᠭᠦᠶ ᠪᠠᠷ ᠮᠥᠷᠳᠡᠵᠦ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠪᠦᠲᠦᠮᠵᠢᠲᠡᠶ ᠠᠬᠢᠭᠤᠯᠤᠨ᠎ᠠ᠃    ︵ᠭᠤᠷᠪᠠ︶ ᠮᠥᠩᠭᠦᠨ ᠭᠦᠢᠯᠭᠡᠭᠡᠨ ᠤ ᠦᠢᠯᠡᠳᠬᠦᠨ  ᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠡᠯ᠎ᠡ ᠪᠠᠩᠬᠢ ᠶᠢᠨ  ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ︽ᠲᠠᠷᠢᠶᠠᠴᠢᠳ ᠲᠤ ᠠᠰᠢᠭ ᠬᠦᠷᠲᠡᠭᠡᠬᠦ e ᠵᠢᠭᠡᠯᠡᠯᠭᠡ︾ ︽ᠬᠥᠮᠥᠷᠭᠡ ᠨᠡᠶᠢᠯᠡᠭᠦᠯᠬᠦ ᠵᠢᠭᠡᠯᠡᠯᠭᠡ︾ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠭᠡᠯᠡᠯᠭᠡ︾ ᠵᠡᠷᠭᠡ ᠬᠢᠩᠭᠠᠨ ᠠᠶᠢᠮᠠᠭ ᠤᠨ ᠭᠠᠵᠠᠷ ᠣᠷᠣᠨ ᠤ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠣᠨᠴᠠᠯᠢᠭ ᠵᠢᠴᠢ ᠠᠮᠤ ᠪᠤᠳᠠᠭ᠎ᠠ ᠶᠢ ᠭᠦᠨᠵᠡᠭᠡᠶ ᠡᠳ᠋ᠰᠢᠭᠦᠯᠦᠨ  ᠦᠢᠯᠡᠳᠪᠦᠷᠢᠯᠡᠵᠦ ᠡᠵᠡᠩᠨᠡᠬᠦ  ᠦᠶᠡᠯᠡᠯ ᠤᠨ ᠬᠤᠭᠤᠴᠠᠭ᠎ᠠ ᠯᠤᠭ᠎ᠠ ᠵᠣᠬᠢᠴᠠᠭᠰᠠᠨ ᠳᠤᠮᠳᠠ ᠣᠷᠳᠣ ᠬᠤᠭᠤᠴᠠᠭᠠᠨ ᠤ ᠮᠥᠩᠭᠦᠨ  ᠭᠦᠢᠯᠭᠡᠭᠡᠨ ᠤ ᠦᠢᠯᠡᠳᠭᠦᠨ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠵᠡᠷᠭᠡ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠳᠤ ᠬᠠᠨᠳᠤᠭᠤᠯᠤᠭᠰᠠᠨ ᠬᠡᠯᠪᠠᠶᠢᠯᠲᠡ ᠶᠢ ᠨᠡᠮᠡᠭᠳᠡᠭᠦᠯᠵᠦ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠵᠣᠬᠢᠰᠲᠠᠢ ᠪᠠᠷ ᠠᠭᠤᠵᠢᠭᠤ ᠲᠠᠯᠪᠢᠵᠤ᠂ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠵᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠨ᠎ᠠ᠃    ︵ᠲᠦᠷᠪᠡ︶ ᠳᠠᠨᠵᠢᠯᠠᠭ᠎ᠠ ᠶᠢᠨ ᠡᠳ᠋ ᠤᠨ ᠬᠡᠪᠴᠢᠶ᠎ᠡ ᠶᠢ ᠥᠷᠭᠡᠳᠬᠡᠬᠦ᠃ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠡᠳ᠋ ᠬᠥᠷᠥᠩᠭᠡ ᠪᠠᠷ ᠳᠠᠨᠵᠢᠯᠠᠬᠤ ᠪᠣᠳᠠᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠨᠥᠭᠡᠴᠡᠯᠡᠬᠦ ᠪᠡᠯᠡᠳᠬᠡᠮᠵᠢ ᠪᠠᠷ ᠳᠠᠨᠵᠢᠯᠠᠬᠤ᠂ ᠦᠷ᠎ᠡ ᠶᠢᠨ  ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠳᠠᠨᠵᠢᠯᠠᠬᠤ᠂ ᠪᠠᠷᠠᠭ᠎ᠠ ᠬᠠᠳᠠᠭᠠᠯᠠᠬᠤ ᠪᠠ ᠵᠠᠬᠢᠶᠠᠯᠠᠭ᠎ᠠ ᠪᠠᠷ ᠳᠠᠨᠵᠢᠯᠠᠬᠤ᠂ ᠬᠤᠷᠢᠶᠠᠪᠠᠰᠤ ᠵᠣᠬᠢᠬᠤ ᠲᠠᠩᠰᠠᠨ ᠵᠣᠭᠤᠰ ᠢᠶᠠᠷ ᠳᠠᠨᠵᠢᠯᠠᠬᠤ ᠵᠡᠷᠭᠡ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ︔ ᠬᠥᠳᠡᠯᠬᠦ ᠬᠥᠷᠥᠩᠭᠡ ᠪᠠᠷ ᠳᠠᠨᠵᠢᠯᠠᠭ᠎ᠠ ᠳᠤ ᠲᠤᠯᠭᠠᠨ ᠥᠭᠬᠦ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠳᠡᠭᠡᠭᠰᠢᠯᠡᠭᠦᠯᠵᠦ᠂ ᠳᠠᠨᠵᠢᠯᠠᠭ᠎ᠠ ᠶᠢᠨ ᠡᠳ᠋ ᠤᠨ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢᠨ ᠴᠤᠪᠤᠷᠠᠯ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃    ︵ᠲᠠᠪᠤ︶ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠰᠢᠷ᠎ᠠ ᠪᠤᠷᠴᠠᠭ᠂ ᠡᠷᠳᠡᠨᠢ ᠰᠢᠰᠢ᠂ ᠲᠤᠲᠤᠷᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠲᠣᠭᠤᠷᠢᠨ ᠳᠤ᠂ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ︔ ᠭᠤᠣᠯ ᠭᠠᠷᠤᠯᠲᠠ ᠶᠢᠨ ᠣᠷᠣᠨ ᠪᠠ ᠴᠢᠬᠤᠯᠠ ᠡᠳ᠋ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠲᠤ ᠲᠦᠰᠢᠭᠯᠡᠨ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠵᠢᠷᠤᠮᠵᠢᠭᠤᠯᠤᠨ ᠬᠥᠭᠵᠢᠭᠦᠯᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ᠂ ᠬᠦᠢᠳᠡᠨ ᠬᠡᠯᠬᠢᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠮᠥᠩᠭᠦᠨ ᠭᠦᠢᠯᠭᠡᠭᠡᠨ ᠤ ᠲᠡᠮᠵᠢᠯᠭᠡ ᠶᠢ ᠦᠷᠭᠡᠳᠭᠡᠨ᠎ᠡ᠃    ︵ᠵᠢᠷᠭᠤᠭ᠎ᠠ︶ ᠮᠥᠩᠭᠦᠨ  ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ  ᠦᠢᠯᠡᠳᠦᠯ ᠢ ᠴᠢᠩᠭᠠᠷᠠᠭᠤᠯᠤᠨ᠎ᠠ᠃ ᠢᠨᠲ᠋ᠧᠷ ᠰᠦᠯᠵᠢᠶᠡᠨ ᠤ ᠮᠡᠷᠭᠡᠵᠢᠯ᠂ ᠲᠤᠭ᠎ᠠ ᠪᠠᠷᠢᠮᠲᠠ ᠪᠠ ᠠᠷᠭ᠎ᠠ ᠵᠠᠮ ᠢ ᠠᠰᠢᠭᠯᠠᠨ ᠰᠢᠨ᠎ᠡ ᠶᠢ ᠡᠭᠦᠳᠴᠦ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠬᠠᠪᠰᠤᠷᠤᠨ  ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠣᠯᠭᠤᠬᠤ ᠶᠢ ᠥᠷᠨᠢᠭᠦᠯᠵᠦ᠂ ᠲᠣᠭᠠᠴᠢᠯᠠᠭᠰᠠᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠢ ᠬᠥᠭᠵᠢᠭᠦᠯᠵᠦ᠂ ᠡᠯ᠎ᠡ ᠮᠥᠩᠭᠦᠨ  ᠭᠦᠢᠯᠭᠡᠭᠡᠨ ᠤ ᠪᠠᠶᠢᠭᠤᠯᠤᠮᠵᠢ ᠨᠤᠭᠤᠳ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠲᠠᠪᠤᠳᠤᠭᠠᠷ ᠦᠶ᠎ᠡ ᠶᠢᠨ ᠰᠢᠯᠵᠢᠮᠡᠯ ᠮᠡᠳᠡᠭᠡ ᠬᠤᠯᠪᠣᠭ᠎ᠠ ︵5G︶ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠬᠡᠷᠡᠭᠯᠡᠨ᠂ ᠲᠦᠭᠰᠢᠭᠦᠷᠢ ᠶᠢᠨ ᠦᠨ᠎ᠡ ᠲᠣᠭᠲᠠᠭᠠᠬᠤ ᠪᠠ ᠬᠠᠮᠢᠶᠠᠷᠤᠨ ᠡᠵᠡᠮᠳᠡᠬᠦ ᠵᠠᠭᠪᠤᠷ ᠢ ᠰᠢᠯᠢᠳᠡᠭᠵᠢᠭᠦᠯᠵᠦ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠵᠣᠴᠢᠨ ᠡᠷᠦᠬᠡ ᠶᠢ ᠢᠯᠭᠠᠨ ᠲᠠᠨᠢᠬᠤ ᠪᠠ ᠢᠲᠡᠭᠡᠮᠵᠢᠲᠦ ᠵᠢᠭᠡᠯᠡᠯᠭᠡ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠦᠨ᠂ ᠳᠠᠭᠠᠭᠠᠯᠲᠠ ᠶᠢᠨ ᠡᠳ᠋ ᠲᠤ ᠲᠦᠰᠢᠭᠯᠡᠬᠦ ᠶᠢ ᠪᠠᠭᠠᠰᠬᠠᠵᠤ᠂ ᠢᠲᠡᠭᠡᠮᠵᠢᠲᠦ ᠵᠢᠭᠡᠯᠡᠯᠭᠡ ᠲᠠᠯᠪᠢᠬᠤ ᠬᠠᠷᠢᠴᠠᠯ ᠢ ᠨᠡᠮᠡᠭᠳᠡᠭᠦᠯᠦᠨ᠎ᠡ᠃    ︵ᠳᠣᠯᠤᠭ᠎ᠠ︶ ᠠᠵᠤ  ᠦᠢᠯᠡᠰ ᠤᠨ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠎ᠠ᠃ ᠮᠠᠨ ᠤ ᠠᠶᠢᠮᠠᠭ ᠤᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢ ᠭᠤᠶᠤᠴᠢᠯᠠᠨ ᠬᠡᠷᠡᠭᠯᠡᠭᠦᠯᠵᠦ᠂ ᠲᠣᠰ ᠰᠠᠭᠤᠷᠢ ᠮᠥᠩᠭᠦ ᠶᠢᠨ ᠬᠥᠰᠢᠭᠦᠷᠭᠡ ᠶᠢᠨ  ᠦᠢᠯᠡᠳᠦᠯ ᠢ ᠪᠠᠳᠠᠷᠠᠭᠤᠯᠤᠨ᠂ ᠢᠲᠡᠭᠡᠮᠵᠢ ᠪᠠᠨ ᠨᠡᠮᠡᠭᠳᠡᠭᠦᠯᠬᠦ ᠵᠢᠭᠡᠯᠡᠯᠭᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ︽ᠵᠣᠭᠤᠰ ᠵᠡᠷᠭᠡ ᠠᠮᠤ ᠪᠤᠳᠠᠭ᠎ᠠ︾ ᠶᠢ ᠦᠨᠡᠨᠬᠦ ᠪᠠᠲᠤᠯᠠᠨ᠎ᠠ︔ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ  ᠦᠢᠯᠡᠳᠦᠯ ᠢ ᠪᠠᠳᠠᠷᠠᠭᠤᠯᠬᠤ ᠶᠢ ᠵᠣᠷᠢᠭᠵᠢᠭᠤᠯᠵᠤ᠂ ᠬᠠᠮᠢᠶ᠎ᠠ ᠪᠥᠬᠦᠶ ᠲᠥᠷᠥᠯ  ᠵᠦᠢᠯ ᠢ ᠰᠠᠭᠤᠷᠢ ᠮᠥᠩᠭᠦᠨ ᠤ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠲᠡᠳᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ  ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠬᠠᠮᠤᠭ ᠤᠨ ᠶᠡᠭᠡ ᠡᠯ᠎ᠡ ᠱᠠᠲᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠤᠨ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠤᠨ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠭᠦᠶ᠋ᠴᠡᠳ ᠰᠠᠶᠢᠲᠤᠷ ᠬᠡᠷᠡᠭᠯᠡᠭᠦᠯᠦᠨ᠎ᠡ᠃    ︵ᠨᠠᠶ᠋ᠮᠠ︶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠥᠷᠥᠩᠭᠡ ᠮᠥᠩᠭᠦ ᠲᠠᠢ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠬᠦᠴᠦᠯᠡᠨ ᠪᠤᠶᠢᠵᠢᠭᠤᠯᠵᠤ᠂ ᠠᠶᠢᠮᠠᠭ ᠲᠣᠰ ᠱᠠᠲᠤᠨ ᠤ ᠬᠤᠶᠠᠷ ᠤᠯᠤᠰ ᠤᠨ ᠥᠮᠴᠢᠯᠡᠯᠲᠦ ᠳᠠᠭᠠᠭᠠᠯᠲᠠ ᠶᠢᠨ ᠺᠣᠮᠫᠠᠨᠢ ᠶᠢᠨ ᠪᠠᠯᠠ ᠮᠥᠩᠭᠦ ᠶᠢ ᠨᠡᠮᠡᠭᠳᠡᠭᠦᠯᠦᠨ ᠰᠲ᠋ᠣᠺ ᠢ ᠥᠷᠭᠡᠳᠬᠡᠵᠦ᠂ ᠳᠠᠭᠠᠭᠠᠯᠲᠠ ᠶᠢᠨ ᠺᠣᠮᠫᠠᠨᠢ ᠶᠢᠨ ᠳᠡᠮᠵᠢᠬᠦ ᠬᠡᠪᠴᠢᠶ᠎ᠡ ᠶᠢ ᠥᠷᠭᠡᠳᠬᠡᠨ᠎ᠡ︔ ᠬᠤᠯᠪᠣᠭᠠᠲᠠᠨ ᠤᠯᠤᠰ ᠤᠨ ᠥᠮᠴᠢᠯᠡᠯ ᠤᠨ ᠳᠠᠭᠠᠭᠠᠯᠲᠠ ᠶᠢᠨ ᠺᠣᠮᠫᠠᠨᠢ ᠨᠢ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠳᠤ ᠳᠠᠭᠠᠭᠠᠯᠲᠠ ᠬᠠᠩᠭᠠᠬᠤ ᠳᠤ 1% ᠶᠢᠨ ᠳᠠᠭᠠᠭᠠᠯᠲᠠ ᠶᠢᠨ ᠰᠦᠢᠳᠬᠡᠯ ᠬᠤᠷᠢᠶᠠᠬᠤ ᠦᠭᠡᠢ︔ ᠴᠠᠩᠴᠦ᠋ᠨ ᠤ ᠠᠵᠤ ᠠᠬᠤᠶ ᠶᠢᠨ ᠲᠣᠭᠤᠷᠢᠭ ᠲᠤ ᠠᠭᠤᠰᠤᠯᠴᠠᠨ ᠣᠷᠣᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠵᠡᠭᠦᠨ ᠬᠤᠶᠢᠲᠤ ᠣᠷᠣᠨ ᠤ ᠳᠠᠬᠢᠨ ᠳᠠᠭᠠᠭᠠᠯᠲᠠ ᠬᠢᠬᠦ ᠺᠣᠮᠫᠠᠨᠢ ᠶᠢᠨ ᠮᠠᠨ ᠤ ᠠᠶᠢᠮᠠᠭ ᠲᠤ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠳᠡᠮᠵᠢᠵᠦ᠂ ᠮᠠᠨ ᠤ ᠠᠶᠢᠮᠠᠭ ᠤᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠳᠤ ᠢᠲᠡᠭᠡᠮᠵᠢ ᠪᠠᠨ ᠨᠡᠮᠡᠭᠳᠡᠭᠦᠯᠬᠦ  ᠦᠢᠯᠡᠴᠢᠯᠡᠭᠡ ᠬᠠᠩᠭᠠᠨ᠎ᠠ᠃    ︵ᠶᠢᠰᠦ︶ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠰᠢᠯᠭᠠᠨ ᠬᠢᠨᠠᠬᠤ ᠪᠠᠷ ᠬᠥᠲᠥᠯᠦᠨ ᠳᠠᠭᠠᠭᠤᠯᠬᠤ ᠶᠢ ᠴᠢᠩᠭᠠᠷᠠᠭᠤᠯᠤᠨ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠭᠰᠠᠨ ᠪᠠᠶᠢᠳᠠᠯ ᠢ ᠪᠦᠷᠢᠳᠬᠡᠨ ᠦᠨᠡᠯᠡᠬᠦ ᠰᠢᠰᠲ᠋ᠧᠮᠵᠢ ᠳᠤ ᠣᠷᠣᠭᠤᠯᠵᠤ᠂ ᠰᠢᠯᠭᠠᠨ ᠬᠢᠨᠠᠬᠤ ᠬᠤᠪᠢ ᠶᠢᠨ ᠥᠷᠲᠡᠭ ᠪᠠ ᠡᠵᠡᠯᠡᠬᠦᠨ ᠢ ᠨᠡᠮᠡᠭᠳᠡᠭᠦᠯᠦᠨ᠂ ᠮᠥᠩᠭᠦᠨ  ᠭᠦᠢᠯᠭᠡᠭᠡᠨ ᠤ  ᠦᠢᠯᠡᠴᠢᠯᠡᠭᠡᠨ ᠤ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠶᠡᠷᠦᠩᠬᠡᠶ ᠦᠨᠡᠯᠡᠯᠲᠡ ᠶᠢ ᠲᠦᠷᠦᠭᠦᠨ ᠳᠤᠨᠢ ᠶᠠᠪᠤᠭᠳᠠᠭᠤᠯᠤᠭᠰᠠᠳ ᠲᠤ ᠵᠠᠰᠠᠭ ᠤᠨ ᠣᠷᠳᠣᠨ ᠤ ᠴᠢᠨᠠᠷᠲᠠᠶ ᠬᠠᠳᠠᠭᠠᠯᠠᠮᠵᠢ ᠶᠢᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠣᠯᠭᠤᠵᠤ᠂ ᠰᠢᠯᠭᠠᠨ ᠬᠢᠨᠠᠵᠤ ᠦᠨᠡᠯᠡᠬᠦ ᠶᠢᠨ ︽ᠳᠣᠬᠢᠭᠤᠷ︾ ᠤᠨ  ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠤᠨ᠎ᠠ᠃    
 
ᠢᠷᠡᠯᠲᠡ᠄ ᠮᠥᠩᠭᠦᠨ ᠭᠦᠢᠯᠭᠡᠭᠡᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号