ᠵᠠᠯᠠᠶᠢᠳ ᠬᠤᠰᠢᠭᠤᠨ ᠤ ᠪᠠᠳᠠᠷᠠᠬᠤ ᠲᠤᠳᠤᠭᠠᠳᠤ ᠶᠢ ᠬᠠᠮᠠᠭᠠᠯᠠᠬᠤ ᠰᠠᠯᠪᠤᠷᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠶᠢᠴᠠᠭᠠᠪᠠ
ᠨᠡᠶᠢᠲᠡᠯᠡᠭᠰᠡᠨ ᠴᠠᠭ᠄
2023/3/9
    ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠴᠠᠬ ᠮᠦᠴᠡ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠵᠤ᠂ ᠰᠤᠷᠭᠠᠭᠤᠯᠢ ᠶᠢᠨ ᠡᠯ᠎ᠡ ᠲᠦᠷᠦᠯ ᠤᠨ ᠠᠵᠢᠯ ᠤᠨ ᠤᠷᠤᠬᠰᠢᠳᠠᠢ ᠶᠠᠪᠤᠬᠳᠠᠬᠤ ᠶᠢ ᠪᠠᠳᠤᠯᠠᠬᠤ ᠶᠢᠨ ᠲᠦᠯᠦᠭᠡ ᠤᠶᠢᠷ᠎ᠠ ᠳᠤ᠂ ᠵᠠᠯᠠᠶᠢᠳ ᠬᠤᠰᠢᠭᠤᠨ ᠤ ᠪᠠᠳᠠᠷᠠᠬᠤ ᠲᠤᠳᠤᠭᠠᠳᠤ ᠶᠢ ᠬᠠᠮᠠᠭᠠᠯᠠᠬᠤ ᠰᠠᠯᠪᠤᠷᠢ ᠬᠠᠷᠢᠶ᠎ᠠ ᠤᠷᠤᠨ ᠤ ᠪᠠᠳᠠᠷᠠᠬᠤ ᠭᠤᠤᠯ ᠰᠤᠷᠭᠠᠭᠤᠯᠢ ᠳᠤ ᠠᠮᠤᠷ ᠲᠦᠪᠰᠢᠨ ᠤ ᠪᠠᠶᠢᠴᠠᠭᠠᠯᠳᠠ ᠬᠢᠵᠡᠢ᠃ ᠪᠠᠳᠠᠷᠠᠬᠤ ᠲᠤᠳᠤᠭᠠᠳᠤ ᠶᠢ ᠬᠠᠮᠠᠭᠠᠯᠠᠬᠤ ᠰᠠᠯᠪᠤᠷᠢ ᠲᠤᠰ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠤᠨ ᠭᠠᠯ ᠰᠡᠷᠭᠡᠶᠢᠯᠡᠵᠤ ᠤᠨᠳᠠᠷᠠᠭᠠᠬᠤ ᠲᠤᠨᠤᠬ ᠲᠦᠬᠦᠭᠡᠷᠦᠮᠵᠢ᠂ ᠰᠤᠷᠭᠠᠭᠤᠯᠢ ᠶᠢᠨ ᠬᠦᠷᠢᠶᠡᠨ ᠤ ᠬᠢᠨᠠᠨ ᠡᠵᠡᠮᠳᠡᠬᠦᠷ᠂ ᠠᠮᠤᠷ ᠢ ᠬᠠᠮᠠᠭᠠᠯᠠᠬᠤ ᠲᠤᠨᠤᠬ ᠲᠦᠬᠦᠭᠡᠷᠦᠮᠵᠢ ᠵᠢᠴᠢ ᠠᠮᠤᠷ ᠲᠦᠪᠰᠢᠨ ᠤ ᠲᠦᠷᠢᠮ ᠢ ᠭᠡᠷᠡᠭᠵᠢᠬᠦᠯᠵᠤ ᠪᠠᠶᠢᠬᠤ ᠪᠠᠶᠢᠳᠠᠯ᠂ ᠬᠤᠭᠤᠯᠠᠨ ᠭᠡᠷ ᠤᠨ ᠡᠷᠡᠬᠦᠯ ᠬᠠᠮᠠᠭᠠᠯᠠᠯ ᠵᠡᠷᠭᠡ ᠲᠠᠯ᠎ᠠ ᠪᠠᠷ ᠪᠠᠶᠢᠴᠠᠭᠠᠯᠳᠠ ᠬᠢᠵᠤ᠂ ᠤᠷᠤᠰᠢᠵᠤ ᠪᠠᠶᠢᠬᠤ ᠠᠮᠤᠷ ᠲᠦᠪᠰᠢᠨ ᠤ ᠭᠡᠮ ᠰᠤᠭᠤᠬ ᠢ ᠵᠢᠭᠠᠨ ᠭᠠᠷᠭᠠᠭᠰᠠᠨ ᠤ ᠬᠠᠮᠳᠤ ᠪᠠᠭᠰᠢ ᠰᠤᠷᠤᠬᠴᠢᠳ ᠲᠤ ᠠᠮᠤᠷ ᠲᠦᠪᠰᠢᠨ ᠤ ᠤᠬᠠᠮᠰᠠᠷ ᠢᠶᠠᠨ ᠭᠡᠷᠬᠢᠨ ᠲᠡᠭᠡᠭᠰᠢᠯᠡᠬᠦᠯᠬᠦ᠂ ᠲᠤᠭᠳᠠᠮᠠᠯ ᠬᠤᠭᠤᠴᠠᠭ᠎ᠠ ᠲᠠᠢ ᠪᠠᠷ ᠰᠤᠷᠤᠭᠴᠢᠳ ᠢᠶᠠᠷ ᠭᠠᠯ ᠰᠡᠷᠭᠡᠶᠢᠯᠡᠵᠤ ᠤᠨᠳᠠᠷᠠᠭᠠᠬᠤ ᠰᠤᠷᠢᠯᠳᠠ ᠬᠢᠯᠬᠡᠬᠦ ᠶᠢ ᠨᠠᠶᠢᠳᠠᠬᠰᠠᠨ ᠪᠠᠶᠢᠨ᠎ᠠ᠃ ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠨ ᠪᠠᠭᠰᠢ ᠰᠤᠷᠤᠬᠴᠢᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠬᠦ ᠳᠤ ᠪᠠᠳᠤᠯᠠᠭ᠎ᠠ ᠬᠠᠩᠭᠠᠵᠠᠢ᠃ ︵ᠪᠤᠤ ᠤᠷᠬᠢᠯ︶    
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号