ᠪᠤᠯᠭᠠᠨᠬᠤᠸᠠ ᠰᠤᠮᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢᠶᠠᠨ ᠡᠷᠴᠢᠮᠳᠠᠢ ᠰᠠᠶᠢᠬᠠᠨ ᠶᠠᠪᠤᠭᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/3/9
      ᠤᠶᠢᠷ᠎ᠠ ᠶᠢᠨ ᠡᠳᠤᠷ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠵᠢᠨᠱᠠᠨ ᠭᠠᠴᠠᠭᠠᠨ ᠳᠤ ᠭᠠᠴᠠᠭᠠᠨ ᠤ ᠠᠷᠠᠳ ᠪᠦᠬᠦᠳᠡᠭᠡᠷ ᠢᠶᠠᠨ ᠴᠡᠪᠡᠷᠯᠡᠭᠡ ᠬᠢᠵᠤ ᠶᠠᠭᠠᠷᠠᠯᠳᠤᠨ᠎ᠠ᠃ ︽ᠤᠤᠯ ᠳᠠᠭᠠᠨ ᠭᠠᠳᠠᠭᠰᠢ ᠭᠠᠷᠬᠤ ᠳᠤ ᠬᠤᠯᠠ ᠲᠤᠭᠤᠷᠢᠭᠤ ᠶᠠᠪᠤᠵᠤ᠂ ᠤᠳᠤ ᠲᠤᠰᠬᠤᠨ ᠢ ᠰᠢᠨᠵᠢᠯᠡᠬᠦ ᠤᠬᠠᠭᠠᠨᠴᠢ ᠪᠠᠷ ᠲᠦᠯᠤᠪᠯᠡᠵᠤ᠂ ᠵᠠᠮ ᠵᠡᠭᠡᠯᠢ ᠶᠢ ᠵᠠᠰᠠᠨ ᠪᠠᠶᠢᠭᠤᠯᠤᠭᠰᠠᠨ ᠠᠴᠠ ᠶᠠᠪᠤᠵᠤ ᠰᠠᠭᠤᠬᠤ ᠳᠤ ᠲᠦᠬᠦᠮ ᠪᠤᠯᠵᠤ᠂ ᠭᠠᠴᠠᠭᠠᠨ ᠤ ᠲᠦᠷᠢ ᠲᠦᠷᠬᠦ ᠲᠦᠢᠯ ᠤᠨ ᠶᠡᠭᠡ ᠬᠤᠪᠢᠷᠠᠯᠳᠠ ᠲᠠᠢ ᠪᠤᠯᠪᠠ︾ ᠭᠡᠵᠤ ᠭᠠᠴᠠᠭᠠᠨ ᠤ ᠠᠷᠠᠳ ᠵᠤᠥ ᠡᠣ ᠱᠢ ᠯᠢᠥ ᠴᠡᠪᠡᠷᠯᠡᠭᠡ ᠬᠢᠬᠦ ᠶᠢᠨ ᠲᠠᠭᠠᠥ ᠲᠤᠰᠬᠤᠨ ᠤ ᠬᠤᠪᠢᠷᠠᠯᠳᠠ ᠪᠠᠨ ᠲᠠᠨᠢᠯᠴᠠᠭᠤᠯᠤᠨ᠎ᠠ᠃ ︽ᠮᠠᠨ ᠤ ᠭᠠᠴᠠᠭ᠎ᠠ ᠪᠤᠯ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠵᠢᠱᠢᠶᠡᠴᠢ ᠭᠠᠴᠠᠭ᠎ᠠ ᠪᠤᠯᠤᠨ᠎ᠠ᠃ ᠵᠢᠯ ᠤᠨ ᠡᠬᠢᠨ ᠳᠤ᠂ ᠭᠠᠴᠠᠭ᠎ᠠ ᠠᠴᠠ ᠰᠢᠨ᠎ᠠ ᠨᠢᠭᠡ ᠡᠭᠡᠯᠵᠢ ᠶᠢᠨ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠠᠵᠢᠯ ᠢ ᠦᠷᠨᠢᠬᠦᠯᠵᠤ᠂ ᠲᠤᠰᠬᠤᠨ ᠤ ᠲᠤᠳᠤᠷᠠᠭᠢ ᠭᠤᠥᠯ ᠵᠠᠮ᠂ ᠤᠷᠤᠨ ᠰᠠᠭᠤᠴᠠ ᠶᠢᠨ ᠡᠮᠤᠨ᠎ᠠ ᠬᠤᠶᠢᠨᠠᠬᠢ ᠬᠤᠭ ᠨᠤᠪᠰᠢ ᠶᠢ ᠴᠡᠪᠡᠷᠯᠡᠬᠦ ᠶᠢᠨ ᠬᠠᠮᠳᠤ ᠲᠦᠪᠯᠡᠷᠡᠬᠦᠯᠤᠨ ᠲᠡᠭᠡᠭᠡᠪᠤᠷᠢᠯᠠᠵᠤ᠂ ᠲᠤᠷ᠎ᠠ ᠪᠠᠷ ᠲᠠᠯᠪᠢᠭᠰᠠᠨ ᠡᠳ᠋ ᠪᠤᠳᠠᠰ᠂ ᠡᠰᠢ ᠰᠦᠷᠡᠯ᠂ ᠬᠤᠭ ᠨᠤᠪᠰᠢ ᠵᠡᠷᠭᠡ ᠶᠢ ᠲᠦᠢᠯᠪᠤᠷᠢᠳᠠᠢ ᠠᠷᠢᠯᠭᠠᠨ ᠴᠡᠪᠡᠷᠯᠡᠵᠡᠢ᠃ ᠵᠢᠱᠢᠶᠡᠴᠢ ᠭᠠᠴᠠᠭ᠎ᠠ ᠪᠤᠯᠤᠭᠰᠠᠨ ᠤ ᠬᠤᠪᠢ ᠳᠤ ᠪᠤᠰᠤᠳ ᠭᠠᠴᠠᠭ᠎ᠠ ᠲᠤᠰᠬᠤᠨ ᠳᠤ ᠲᠦᠷᠢᠮ ᠦᠵᠡᠬᠦᠯᠤᠨ᠎ᠠ︾ ᠭᠡᠵᠤ ᠵᠢᠨᠱᠠᠨ ᠭᠠᠴᠠᠭᠠᠨ ᠤ ᠨᠠᠮ ᠤᠨ ᠡᠬᠦᠷ ᠤᠨ ᠱᠦᠵᠢ ᠱᠤᠤ ᠬᠤᠩ ᠰᠢᠩ ᠶᠠᠷᠢᠨ᠎ᠠ᠃ ᠰᠢᠨ᠎ᠠ ᠨᠢᠭᠡ ᠡᠭᠡᠯᠵᠢ ᠶᠢᠨ ᠬᠦᠳᠡᠭᠡ ᠲᠤᠰᠬᠤᠨ ᠤ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠲᠡᠰ ᠲᠡᠪᠰᠢᠬᠦᠯᠵᠤ ᠴᠡᠭᠴᠡᠯᠡᠨ ᠵᠠᠰᠠᠬᠤ ᠠᠵᠢᠯ ᠲᠤᠮᠳᠠ᠂ ᠪᠤᠯᠭᠠᠨᠬᠤᠸᠠ ᠰᠤᠮᠤ ᠪᠦᠬᠦ ᠰᠤᠮᠤ ᠶᠢᠨ 11 ᠭᠠᠴᠠᠭ᠎ᠠ ︵ᠨᠡᠶᠢᠭᠡᠮ ᠲᠤᠭᠤᠷᠢᠭ︶ ᠶᠢ ᠵᠢᠱᠢᠶᠡᠴᠢ ᠲᠤᠰᠬᠤᠨ᠂ ᠲᠡᠰ ᠲᠡᠪᠰᠢᠬᠦᠯᠬᠦ ᠭᠠᠴᠠᠭ᠎ᠠ ᠲᠤᠰᠬᠤᠨ᠂ ᠪᠤᠭᠤᠮᠳᠠ ᠰᠢᠪᠳᠤᠯᠬᠤ ᠲᠤᠰᠬᠤᠨ ᠭᠤᠷᠪᠠᠨ ᠲᠦᠷᠤᠯ ᠬᠤᠪᠢᠶᠠᠵᠤ᠂ ᠡᠯ᠎ᠠ ᠭᠠᠴᠠᠭ᠎ᠠ ︵ᠨᠡᠶᠢᠭᠡᠮ ᠲᠤᠭᠤᠷᠢᠭ︶ ᠶᠢᠨ ᠪᠤᠳᠠᠳᠤ ᠪᠠᠶᠢᠳᠠᠯ ᠢ ᠦᠨᠳᠤᠰᠤᠯᠠᠨ᠂ ᠲᠡᠰ ᠲᠠᠪᠬᠤᠷᠭ᠎ᠠ ᠠᠯᠬᠤᠮ ᠬᠤᠪᠢᠶᠠᠬᠤ ᠲᠦᠷᠢᠮ ᠢᠶᠠᠷ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠦᠷᠨᠢᠬᠦᠯᠵᠤ᠂ ᠭᠠᠴᠠᠭᠠᠨ ᠤ ᠬᠠᠮᠳᠤ ᠨᠡᠶᠢᠳᠠ ᠶᠢᠨ ᠠᠵᠤ ᠠᠬᠤᠢ ᠶᠢ ᠪᠤᠵᠠᠭᠠᠶᠢᠷᠠᠭᠤᠯᠵᠠᠢ᠃    ︽ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤ ᠦᠷᠨᠢᠭᠦᠯᠬᠦ ᠬᠡᠷᠡᠭᠳᠡᠢ᠂ ᠪᠤᠯᠭᠠᠨᠬᠤᠸᠠ ᠰᠤᠮᠤ ᠨᠠᠮ ᠤᠨ ᠬᠤᠷᠢᠳᠤᠭᠠᠷ ᠶᠡᠭᠡ ᠬᠤᠷᠠᠯ ᠳᠤ ᠲᠤᠷᠠᠳᠤᠭᠰᠠᠠ ︿ᠤᠷᠤᠰᠢᠨ ᠰᠠᠭᠤᠷᠢᠰᠢᠬᠤ ᠳᠤ ᠲᠠᠭᠠᠯᠠᠮᠵᠢᠳᠠᠢ ᠦᠢᠯᠡᠰ ᠪᠤᠰᠬᠠᠬᠤ ᠳᠤ ᠲᠤᠬᠢᠷᠠᠮᠵᠢᠳᠠᠢ ᠡᠶ᠎ᠡ ᠨᠠᠶᠢᠷᠠᠮᠳᠠᠭᠤ ᠭᠤᠶᠢᠳᠠ ᠰᠠᠶᠢᠬᠠᠨ ᠬᠦᠳᠡᠭᠡ ᠲᠤᠰᠬᠤᠨ﹀ ᠤ ᠶᠡᠷᠤᠩᠬᠡᠢ ᠱᠠᠭᠠᠷᠳᠠᠯᠭ᠎ᠠ ᠪᠠᠷ ᠭᠠᠴᠠᠭ᠎ᠠ ᠲᠤᠰᠬᠤᠨ ᠤ ᠲᠡᠰ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠠᠷᠪᠠᠨ ᠤᠳᠤᠨ ᠲᠡᠰ ᠤᠨ ᠬᠢᠨᠠᠨ ᠲᠤᠭᠳᠠᠭᠠᠯᠳᠠ ᠪᠠᠷ ᠭᠠᠷᠳᠠᠴᠠ ᠪᠤᠯᠭᠠᠨ᠂ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠢ ᠪᠦᠳᠤᠭᠡᠨ ᠪᠠᠶᠢᠭᠤᠯᠬᠤ ᠶᠢᠨ ᠲᠤᠭᠤᠷᠢᠨ ᠳᠤ ᠠᠵᠢᠯᠯᠠᠬᠤ ᠬᠦᠴᠤᠨ ᠢᠶᠠᠨ ᠴᠢᠩᠭᠠᠳᠬᠠᠨ᠂ ᠬᠦᠳᠡᠭᠡ ᠲᠤᠰᠬᠤᠨ ᠤ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠦᠷ᠎ᠠ ᠪᠦᠳᠤᠮᠵᠢ ᠶᠢᠨ ᠲᠡᠭᠡᠭᠰᠢᠯᠡᠯᠳᠠ ᠶᠢ ᠬᠦᠴᠤᠯᠡᠨ ᠠᠬᠢᠭᠤᠯᠵᠤ᠂ ᠤᠯᠠᠨ ᠲᠦᠮᠡᠨ ᠤ ᠵᠤᠯ ᠵᠢᠷᠭᠠᠯᠳᠤ ᠲᠦᠷᠥᠭᠳᠡᠯ᠂ ᠬᠦᠷᠳᠡᠮᠵᠢ ᠶᠢᠨ ᠲᠦᠷᠥᠭᠳᠡᠯ ᠢ ᠲᠠᠰᠤᠷᠠᠯᠳᠠ ᠦᠭᠡᠢ ᠴᠢᠩᠭᠠᠳᠬᠠᠨ᠎ᠠ︾ ᠭᠡᠵᠤ ᠪᠤᠯᠭᠠᠨᠬᠤᠸᠠ ᠰᠣᠮᠣᠨ ᠲᠠᠷᠤᠭ᠎ᠠ ᠨᠠᠴᠢᠨ ᠬᠡᠯᠡᠪᠡ᠃ ᠰᠡᠴᠡᠨᠭᠡᠷᠡᠯ ᠰᠤᠷᠪᠤᠯᠵᠢᠯᠠᠨ ᠮᠡᠳᠡᠭᠡᠯᠡᠪᠡ  
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号