ᠤᠯᠠᠭᠠᠨᠬᠤᠲᠠ ᠶᠢᠨ ᠡᠮᠡᠭᠲᠡᠶᠢᠴᠦᠳ ᠡᠮᠦᠨ᠎ᠡ ᠹᠷᠣᠨᠲ ᠢ ᠳᠡᠮᠵᠢᠭᠰᠡᠨ ᠦᠢᠯᠡ ᠠᠵᠢᠯᠯᠠᠭ᠎ᠠ ︵ᠨᠢᠭᠡ︶
ᠨᠡᠶᠢᠲᠡᠯᠡᠭᠰᠡᠨ ᠴᠠᠭ᠄
2023/4/13
    ᠴᠢᠯᠦᠭᠡᠯᠡᠬᠦ ᠳᠠᠶᠢᠨ ᠤ ᠦᠶ᠎ᠡ ᠳᠤ᠂ ᠤᠯᠠᠭᠠᠨᠬᠤᠲᠠ ᠶᠢᠨ ᠦᠨᠳᠦᠰᠦᠲᠡᠨ ᠪᠦᠬᠦᠢ ᠡᠯ᠎ᠡ ᠡᠲᠡᠭᠡᠳ ᠤᠨ ᠡᠮᠡᠭᠲᠡᠶᠢᠴᠦᠳ ᠬᠦᠷ ᠬᠥᠭᠵᠢᠶᠡᠨ ᠲᠠᠢ ᠪᠠᠷ ᠡᠮᠦᠨ᠎ᠡ ᠹᠷᠣᠨᠲ ᠢ ᠳᠡᠮᠵᠢᠭᠡᠳ ᠴᠢᠯᠦᠭᠡᠯᠡᠯᠲᠡ ᠶᠢᠨ ᠳᠠᠶᠢᠨ ᠤ ᠢᠯᠠᠯᠲᠠ ᠣᠯᠬᠤ ᠳᠤ ᠢᠳᠡᠪᠬᠢ ᠦᠢᠯᠡᠳᠦᠯ ᠦᠵᠡᠭᠦᠯᠵᠡᠢ᠃ 1946 ᠣᠨ ᠳᠤ᠂ ᠤᠯᠠᠭᠠᠨᠬᠤᠲᠠ ᠳᠤ ︽ᠥᠪᠦᠷ ᠮᠣᠩᠭᠤᠯ ᠤᠨ ᠬᠤᠪᠴᠠᠰᠤᠨ ᠤ ᠦᠢᠯᠡᠳᠪᠦᠷᠢ︾ ᠪᠠᠶᠢᠭᠤᠯᠪᠠ᠃ ᠣᠷᠤᠨ ᠰᠠᠭᠤᠴᠠ ᠨᠢ ᠣᠤᠯ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠦᠷᠢᠶᠡᠨ ᠳᠤ ᠪᠣᠢ᠃ ᠥᠪᠦᠷ ᠮᠣᠩᠭᠤᠯ ᠤᠨ ᠬᠤᠪᠴᠠᠰᠣᠨ ᠤ ᠦᠢᠯᠡᠳᠪᠦᠷᠢ ᠪᠣᠯ ᠲᠤᠰᠬᠠᠶᠢᠯᠠᠨ ᠡᠮᠦᠨ᠎ᠡ ᠹᠷᠣᠨᠲ ᠤᠨ ᠪᠠᠶᠢᠯᠳᠤᠭᠴᠢ ᠳᠤ ᠬᠤᠪᠴᠠᠰᠤ ᠬᠢᠵᠦ ᠥᠭᠬᠦ ᠦᠢᠯᠡᠳᠪᠦᠷᠢ ᠮᠦᠨ᠃ ᠡᠨᠡᠬᠦ ᠦᠢᠯᠡᠳᠪᠦᠷᠢ ᠬᠤᠶᠠᠷ ᠵᠠᠭᠤ ᠭᠠᠷᠤᠢ ᠠᠵᠢᠯᠲᠠᠨ ᠲᠠᠢ᠂ ᠡᠬᠦᠨ ᠤ ᠳᠣᠲᠤᠷ᠎ᠠ ᠡᠮᠡᠭᠲᠡᠢ ᠠᠵᠢᠯᠴᠢᠨ 60 ᠢᠯᠡᠭᠦᠦ ᠬᠥᠮᠦᠨ ᠪᠠᠶᠢᠨ᠎ᠠ᠃ ᠬᠤᠪᠴᠠᠰᠤᠨ ᠤ ᠦᠢᠯᠡᠳᠪᠦᠷᠢ ᠶᠢᠨ ᠬᠢᠨ ᠴᠡᠷᠢᠭ ᠤᠨ ᠬᠤᠪᠴᠠᠰᠤ ᠬᠢᠬᠦ ᠡᠭᠦᠷᠭᠡ ᠮᠠᠰᠢ ᠬᠥᠨᠳᠦ ᠂ ᠡᠮᠡᠭᠲᠡᠢ ᠨᠥᠭᠦᠳ ᠤᠨ ᠪᠡᠶᠡᠯᠡᠭᠦᠯᠬᠦ ᠡᠭᠦᠷᠭᠡ ᠨᠢ ᠪᠦᠬᠦ ᠦᠢᠯᠡᠳᠪᠦᠷᠢ ᠶᠢᠨ ᠬᠠᠭᠠᠰ ᠢ ᠨᠢ ᠡᠵᠡᠯᠡᠨ᠎ᠡ᠃     ᠡᠬᠦᠨ ᠠᠴᠠ ᠭᠠᠳᠠᠨ᠎ᠠ ᠪᠠᠰᠠ ᠴᠡᠷᠢᠭ ᠤᠨ ᠬᠤᠪᠴᠠᠰᠤᠨ ᠤ ᠲᠣᠪᠴᠢ ᠰᠢᠯᠪᠢ ᠬᠠᠳᠠᠬᠤ᠂ ᠬᠥᠪᠦᠩ ᠲᠠᠯᠪᠢᠬᠤ᠂ ᠡᠭᠦᠨ ᠤ ᠳᠠᠭᠠᠤ ᠪᠠᠰᠠ ᠪᠠᠶᠢᠯᠳᠤᠭᠴᠢ ᠳᠤ ᠠᠷᠠᠰᠤᠨ ᠮᠠᠯᠠᠭᠠᠢ ᠪᠣᠯᠤᠨ ᠱᠠᠬᠠᠢ ᠬᠢᠨ᠎ᠡ᠃ ᠬᠡᠳᠦ᠋ᠢᠪᠡᠷ ᠨᠢᠭᠡ ᠴᠡᠷᠢᠭ ᠤᠨ ᠳᠡᠪᠡᠯ ᠥᠮᠦᠳᠦ ᠬᠢᠪᠡᠯ ᠰᠠᠶ᠋ᠢ 1.50 ᠲᠦᠭᠦᠷᠢᠭ ᠤᠨ ᠨᠢᠮᠭᠡᠨ ᠬᠦᠴᠦ ᠬᠥᠯᠦᠰᠦ ᠥᠭᠬᠦ ᠪᠣᠯᠪᠠᠴᠤ ᠡᠮᠡᠭᠲᠡᠶᠢᠴᠦᠳ ᠶᠠᠳᠠᠷᠠᠬᠤ ᠶᠢ ᠬᠠᠶᠢᠬᠤᠷᠬᠤ ᠦᠭᠡᠢ᠂ ᠬᠠᠯᠠᠭᠤᠨ ᠢ ᠬᠠᠮᠢᠶᠠᠷᠬᠤ ᠦᠭᠡᠢ ᠪᠠᠷ ᠡᠷᠦᠬᠡ ᠭᠡᠷ ᠤᠨ ᠬᠠᠷᠰᠢ ᠰᠠᠭᠠᠳ ᠢ ᠳᠡᠪᠴᠢᠵᠦ᠂ ᠡᠷᠲᠡᠯᠡᠵᠦ ᠣᠷᠦ᠋ᠢᠯᠠᠨ ᠴᠡᠷᠢᠭ ᠤᠨ ᠬᠤᠪᠴᠠᠰᠤ ᠬᠢᠳᠡᠭ ᠶᠤᠮ᠃ ᠠᠵᠢᠯ ᠤᠨ ᠠᠯᠢ ᠨᠢᠭᠡᠨ ᠭᠠᠷ ᠭᠦᠢᠴᠡᠳᠭᠡᠯ ᠳᠤ ᠴᠦ ᠴᠢᠨᠠᠷ ᠪᠠᠶᠢᠴᠠᠭᠠᠭᠴᠢ ᠴᠢᠨᠠᠷ ᠲᠤ ᠬᠦᠷᠦᠭᠰᠡᠨ ᠢ ᠪᠠᠲᠤᠯᠠᠪᠠᠯ ᠰᠠᠶ᠋ᠢ ᠲᠤᠰᠢᠶᠠᠳᠠᠭ᠃ ᠲᠡᠳᠡ ᠪᠠᠰᠠ ᠨᠢᠭᠡᠨ ᠳᠠᠭᠤᠤ ᠵᠣᠬᠢᠶᠠᠪᠠ᠄ ᠨᠠᠮᠤᠷ ᠤᠨ ᠰᠠᠯᠬᠢ ᠵᠢᠭᠡᠭᠦᠨ᠂ ᠨᠠᠪᠴᠢ ᠮᠣᠳᠤ ᠰᠢᠷᠠᠯᠠᠪᠠᠢ᠂ ᠵᠠᠩ ᠪᠡᠷᠭᠡᠨ ᠯᠢ ᠨᠠᠰᠤᠲᠠᠨ᠂ ᠪᠠᠶᠢᠯᠳᠤᠭᠴᠢ ᠹᠷᠣᠨᠲ ᠲᠤ ᠳᠠᠭᠠᠷᠠᠨ᠎ᠠ ᠰᠢᠦ᠂ ᠪᠢᠳᠡᠨᠡᠷ ᠲᠦᠷᠭᠡᠨ ᠬᠥᠪᠦᠩ ᠬᠤᠪᠴᠠᠰᠤ ᠬᠢᠶ᠎ᠡ ᠭᠡᠳᠡᠭ᠃ ᠤᠯᠠᠭᠠᠨᠬᠤᠲᠠ ᠶᠢᠨ ᠡᠮᠡᠭᠲᠡᠶᠢᠴᠦᠳ ᠪᠠᠰᠠ ᠶᠠᠩᠭᠠᠷ ᠤᠨ ᠠᠩᠬᠢ ᠵᠣᠬᠢᠶᠠᠨ ᠪᠠᠶᠢᠭᠤᠯᠤᠨ᠂ ᠠᠯᠤᠬ᠎ᠠ ᠬᠠᠳᠤᠭᠤᠷ ᠠᠳᠬᠤᠨ᠂ ᠠᠶᠢᠵᠠᠮ ᠴᠣᠬᠢᠯᠭ᠎ᠠ ᠲᠠᠢ ᠬᠡᠩᠭᠡᠷᠭᠡ ᠶᠢᠨ ᠳᠠᠭᠤᠨ ᠢᠶᠠᠷ ᠶᠠᠩᠭᠠᠷ ᠮᠣᠰᠬᠢᠯᠳᠤᠭᠠᠳ᠂ ᠵᠡᠭᠡᠯᠢ ᠭᠤᠳᠤᠮᠵᠢ ᠶᠢᠨ ᠳᠤᠮᠳᠠᠭᠤᠷ ᠴᠢᠯᠦᠭᠡᠯᠡᠬᠦ ᠴᠡᠷᠢᠭ ᠤᠨ ᠢᠯᠠᠯᠲᠠ ᠣᠯᠤᠭᠰᠠᠨ ᠮᠡᠳᠡᠭᠡ ᠪᠣᠯᠤᠨ ᠪᠦᠬᠦ ᠤᠯᠤᠰ ᠤᠨ ᠴᠢᠯᠦᠭᠡᠯᠡᠭᠳᠡᠬᠦ ᠭᠡᠵᠦ ᠪᠠᠶᠢᠭ᠎ᠠ ᠪᠠᠶᠠᠷ ᠤᠨ ᠮᠡᠳᠡᠭᠡ ᠶᠢ ᠤᠬᠠᠭᠤᠯᠳᠠᠭ᠃ ᠥᠪᠦᠷ ᠮᠣᠩᠭᠤᠯ ᠤᠨ ᠬᠤᠪᠴᠠᠰᠤᠨ ᠤ ᠦᠢᠯᠡᠳᠪᠦᠷᠢ 1947 ᠣᠨ ᠳᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠦᠷᠢᠶᠡᠨ ᠠᠴᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠦᠷᠢᠶᠡᠨ ᠳᠤ ᠨᠡᠭᠦᠵᠡᠢ᠃ 1948 ᠣᠨ ᠳᠤ ᠲᠡᠮᠦᠷ ᠵᠠᠮ ᠤᠨ ᠪᠠᠷᠠᠭᠤᠨ ᠵᠠᠮ ᠤᠨ ᠪᠠᠷᠠᠭᠤᠨ ᠲᠠᠯ᠎ᠠ ︵ᠣᠳᠣ ᠶᠢᠨ ᠤᠯᠠᠭᠠᠨᠬᠤᠲᠠ ᠳᠠᠬᠢ ᠪᠣᠯᠤᠳ ᠲᠡᠮᠦᠷ ᠤᠨ ᠦᠢᠯᠡᠳᠪᠦᠷᠢ ᠶᠢᠨ ᠮᠠᠰᠢᠨ ᠲᠣᠨᠤᠭᠯᠠᠯ ᠢ ᠰᠡᠯᠪᠢᠨ ᠵᠠᠰᠠᠬᠤ ᠦᠢᠯᠡᠳᠪᠦᠷᠢ ᠶᠢᠨ ᠡᠮᠦᠨ᠎ᠡ ᠬᠦᠷᠢᠶ᠎ᠡ︶ ᠳᠤ ᠨᠡᠭᠦᠪᠡ᠃ 1954 ᠣᠨ ᠳᠤ ᠬᠥᠬᠡᠬᠤᠲᠠ ᠳᠤ ᠨᠡᠭᠦᠵᠦ᠂ ᠭᠠᠵᠠᠷ ᠣᠷᠤᠨ ᠤ ᠰᠠᠩ ᠤᠨ ᠨᠡᠬᠡᠮᠡᠯ ᠤᠨ ᠦᠢᠯᠡᠳᠪᠦᠷᠢ ᠪᠣᠯᠵᠠᠢ᠃
 
ᠢᠷᠡᠯᠲᠡ᠄ ᠬᠢᠩᠭᠠᠨ ᠤ ᠬᠤᠪᠢᠰᠬᠠᠯᠲᠤ ᠲᠡᠦᠬᠡᠨ ᠶᠠᠷᠢᠶ᠎ᠠ ︵ᠨᠢᠭᠡᠳᠦᠭᠡᠷ ᠪᠣᠳᠢ︶
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号